3 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ | ᠪᠠᠶᠢᠷᠢᠯᠠᠭᠤᠯᠪᠠ᠃ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠬᠤᠷᠠᠯ ᠢ | ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠢᠶᠠᠩ ᠪᠢᠩ ᠵᠢᠶᠧ | ᠬᠤᠷᠠᠯ ᠳᠤ ᠣᠷᠣᠯᠴᠠᠵᠠᠶ᠃ | ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ | ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠪᠥᠬᠦ | ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ᠂ | ᠺᠠᠳ᠋ᠷᠴᠤᠳ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠷ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠠᠷᠢᠭᠤᠨ | ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ᠂ ᠰᠢᠨ᠎ᠡ ᠰᠤᠷᠲᠠᠯ ᠢ ᠪᠣᠶ ᠪᠣᠯᠭᠠᠬᠤ ᠠᠮᠢᠳᠤᠯᠢᠭ ᠦᠢᠯᠡᠳᠦᠯᠭᠡ | ᠪᠣᠯᠭᠠᠨ ᠬᠤᠪᠢᠷᠠᠭᠤᠯᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠡᠷᠬᠡᠪᠰᠢ ᠰᠤᠷᠤᠯᠴᠠᠬᠤ | ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠬᠤ ᠳᠤ ᠶᠠᠰᠤ ᠴᠢᠨᠠᠷ ᠲᠠᠢ᠂ | ᠪᠠᠶᠢᠴᠠᠭᠠᠬᠤ ᠳᠤ ᠡᠷᠴᠢᠮ ᠲᠠᠢ᠂ ᠥᠭᠡᠷᠡᠴᠢᠯᠡᠬᠦ ᠳᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠪᠣᠳᠠᠲᠠᠢ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠰᠤᠷᠤᠯᠴᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠲᠡᠮᠦᠷ | ᠶᠣᠰᠣ ᠲᠦᠷᠢᠮ᠂ ᠬᠠᠲᠠᠭᠤ ᠪᠠᠷᠢᠮᠵᠢᠶ᠎ᠠ ᠪᠠᠷᠢᠮᠵᠢᠶ᠎ᠠ ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ | ᠃ ᠠᠰᠠᠭᠤᠳᠠᠯ ᠢ ᠴᠢᠩᠭ᠎ᠠ ᠪᠣᠳᠠᠲᠠᠢ ᠪᠠᠶᠢᠴᠠᠭᠠᠨ ᠳᠡᠯᠭᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ | ᠲᠠᠯ᠎ᠠ ᠪᠠᠷ ᠭᠦᠨᠵᠡᠭᠡᠢ ᠡᠷᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ᠡᠭᠦᠳᠡ ᠪᠠᠨ ᠨᠡᠭᠡᠭᠡᠵᠦ ᠰᠤᠷᠭᠠᠨ ᠬᠥᠮᠦᠵᠢᠭᠦᠯᠬᠦ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠲᠣᠳᠣᠷᠬᠠᠢ ᠣᠶᠢᠯᠠᠭᠠᠵᠤ᠂ ᠬᠠᠨᠳᠤᠯᠭᠠᠲᠤ | ᠴᠢᠨᠠᠷᠲᠠᠢ ᠪᠠᠷ ᠰᠤᠳᠤᠯᠤᠨ ᠰᠢᠢᠳᠪᠦᠷᠢᠯᠡᠬᠦ ᠬᠡᠷᠡᠭᠲᠡᠢ᠃ ᠲᠦᠷᠢᠮ ᠲᠣᠭᠲᠠᠭᠠᠯ ᠲᠣᠭᠲᠠᠭᠠᠬᠤ ᠪᠠᠷ ᠬᠦᠴᠦᠯᠡᠨ | ᠴᠢᠷᠮᠠᠶᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠬᠤ ᠲᠦᠷᠢᠮ ᠲᠣᠭᠲᠠᠭᠠᠯ ᠢ ᠲᠡᠭᠦᠯᠳᠡᠷᠵᠢᠭᠦᠯᠦᠨ ᠴᠢᠩᠭᠠᠳᠬᠠᠵᠤ᠂ ᠰᠤᠷᠲᠠᠯ ᠤᠨ | ᠪᠠᠶᠢᠭᠤᠯᠤᠯᠲᠠ ᠶᠢᠨ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ | ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠲᠠᠢ ᠤᠶᠠᠯᠳᠤᠭᠤᠯᠵᠤ᠂ ᠲᠦᠷᠦᠯ ᠬᠤᠪᠢᠶᠠᠨ ᠵᠢᠯᠣᠭᠤᠳᠬᠤ ᠪᠠᠨ | ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ | ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ︽ᠪᠦᠬᠦ ᠬᠤᠰᠢᠭᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠪᠡ᠃ | | |