ᠭᠤᠤ ᠵᠧᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/26
    3 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠡᠷ ᠲᠡᠭᠡᠨ ᠪᠠᠶᠢᠭ᠎ᠠ ᠬᠤᠰᠢᠭᠤ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠪᠣᠯᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠭᠤᠤ ᠵᠧᠩ᠂ ᠨᠠᠮ ᠤᠨ ᠭᠡᠰᠢᠭᠦᠨ ᠺᠠᠳ᠋ᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ︽ᠪᠠᠶᠢᠭᠠᠯᠢ ᠶᠢᠨ ᠬᠤᠵᠢᠷ᠂ ᠰᠢᠨ᠎ᠡ ᠡᠨᠧᠷᠭᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠲᠡᠮᠡᠭᠡᠨ ᠤ ᠠᠵᠤ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ︾ ᠵᠡᠷᠭᠡ ᠲᠠᠪᠤᠨ ᠶᠡᠭᠡ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠪᠠᠲᠤ ᠠᠳᠬᠤᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ᠃    ᠭᠤᠤ ᠵᠧᠩ᠂ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠠᠳᠬᠤᠵᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠰᠡᠷᠭᠦᠭᠡᠬᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠡᠷᠲᠡᠬᠡᠨ ᠠᠵᠢᠯ ᠡᠬᠢᠯᠡᠭᠦᠯᠬᠦ ᠶᠢ ᠠᠬᠢᠭᠤᠯᠵᠤ᠂ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠲᠥᠷᠥᠯ ᠵᠦᠢᠯ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠵᠦᠢᠯ ᠢᠶᠠᠷ ᠪᠠᠲᠤᠯᠠᠵᠤ᠂  ᠲᠠᠩᠰᠤᠭᠪᠣᠯᠠᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠨᠠᠨ ᠵᠥᠪᠰᠢᠶᠡᠷᠡᠬᠦ ᠠᠵᠢᠯ ᠢ ᠢᠳᠡᠪᠬᠢᠲᠡᠶ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠣᠨᠣᠪᠴᠢᠲᠠᠶ ᠲᠥᠯᠥᠪᠵᠢᠭᠦᠯᠵᠦ᠂ ᠣᠨᠴᠠᠯᠢᠭ ᠢᠶᠠᠷ ᠢᠯᠡ ᠲᠣᠳᠣ᠂ ᠬᠡᠯᠬᠢᠶ᠎ᠡ ᠪᠠᠷ ᠪᠦᠷᠢᠨ ᠪᠦᠲᠦᠨ᠂ ᠥᠷᠢᠰᠥᠯᠳᠦᠬᠦ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠶ᠃ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠣᠭᠲᠠᠭᠤᠨ ᠬᠥᠭᠵᠢᠯᠲᠡ ᠶᠢ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠮᠢᠳᠤᠯᠢᠭ ᠪᠣᠯᠭᠠᠬᠤ ᠪᠠ ᠡᠮᠬᠢᠯᠡᠨ ᠨᠡᠶᠢᠯᠡᠭᠦᠯᠬᠦ ᠶᠢ ᠠᠬᠢᠭᠤᠯᠵᠤ ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠡᠮᠡᠭᠡᠨ ᠤ ᠠᠵᠤ ᠦᠢᠯᠡᠰ ᠤᠨ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠳᠠᠭᠤᠰᠬᠠᠬᠤ ᠶᠢ ᠠᠬᠢᠭᠤᠯᠵᠤ᠂ ᠠᠷᠠᠳ ᠢ ᠪᠠᠶᠠᠵᠢᠭᠤᠯᠬᠤ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃    ᠭᠤᠤ ᠵᠧᠩ ᠴᠢᠬᠤᠯᠠᠴᠢᠯᠠᠭᠰᠠᠨ ᠨᠢ᠂ ᠴᠢᠩᠭ᠎ᠠ ᠬᠢᠨᠠᠮᠠᠭᠠᠢ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠵᠢᠴᠢ ᠡᠯᠡᠰᠦ ᠶᠢ ᠰᠡᠷᠭᠡᠶᠢᠯᠡᠨ ᠵᠠᠰᠠᠬᠤ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠯᠡᠰᠦ ᠶᠢ ᠵᠠᠰᠠᠬᠤ ᠡᠷᠴᠢᠮ ᠢ ᠴᠢᠩᠭᠠᠷᠠᠭᠤᠯᠤᠨ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠠᠭᠪᠤᠷ ᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠠᠮᠢ ᠠᠬᠤᠢ ᠶᠢᠨ ᠬᠠᠮᠠᠭᠠᠯᠠᠯᠲᠠ ᠶᠢ ᠵᠡᠷᠭᠡᠪᠡᠷ ᠠᠬᠢᠭᠤᠯᠬᠤ ᠬᠡᠷᠡᠭᠲᠡᠢ᠃ ︽ᠪᠠᠳᠠᠢ ᠶᠢᠨ ᠵᠢᠷᠠᠨ ᠡᠯᠡᠰᠦ -  ᠡᠯᠡᠰᠦᠨ ᠴᠤᠭᠢᠶ᠎ᠠ ᠨᠠᠭᠤᠷ ᠪᠦᠷᠢᠳᠦ ᠶᠢᠨ ᠰᠦᠷᠦᠭᠵᠢᠯ︾ ᠤᠨ ᠥᠪᠡᠷᠮᠢᠴᠡ ᠷᠢᠳᠢ ᠰᠢᠳᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠰᠠᠭᠤᠷᠢ ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ᠡᠯᠡᠰᠦ ᠮᠠᠩᠬᠠᠨ ᠤ ᠵᠤᠭᠠᠴᠠᠯ ᠤᠨ ᠵᠢᠵᠢᠭ ᠪᠠᠯᠭᠠᠰᠤ ᠶᠢ ᠪᠠᠶᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号