ᠠᠮᠤᠷ ᠲᠦᠪᠰᠢᠨ ᠤ ᠪᠠᠶᠢᠴᠠᠭᠠᠯᠲᠠ ᠦᠢᠯᠡᠳᠪᠦᠷᠢᠯᠡᠯ ᠢ ᠠᠬᠢᠭᠤᠯᠵᠤ / ᠬᠠᠪᠤᠷ ᠤᠨ ᠲᠠᠷᠢᠶᠠᠯᠠᠭ᠎ᠠ ᠶᠢ ᠪᠠᠲᠤᠯᠠᠶ᠎ᠠ
ᠨᠡᠶᠢᠲᠡᠯᠡᠭᠰᠡᠨ ᠴᠠᠭ᠄
2025/3/27
    ᠠᠭᠠᠷ ᠤᠨ ᠳᠤᠯᠠᠭᠠᠨ ᠳᠡᠭᠡᠭᠰᠢᠯᠡᠬᠦ ᠶᠢ ᠳᠠᠭᠠᠯᠳᠤᠨ᠂ ᠬᠠᠪᠤᠷ ᠤᠨ ᠲᠠᠷᠢᠶᠠᠯᠠᠭ᠎ᠠ ᠶᠢᠨ  ᠦᠢᠯᠡᠳᠪᠦᠷᠢᠯᠡᠯ ᠶᠠᠭ ᠡᠮᠬᠢ ᠵᠢᠷᠤᠮ ᠲᠠᠢ ᠶᠠᠪᠤᠭᠳᠠᠵᠤ ᠪᠣᠶ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠲᠠᠷᠢᠶᠠᠯᠠᠩ ᠤᠨ  ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ 3 ᠰᠠᠷ᠎ᠠ ᠶᠢᠨ 25 ᠤ ᠡᠳᠦᠷ᠂ ᠮᠠᠨᠳᠤᠯ ᠰᠤᠮᠤ ᠢᠳᠡᠪᠬᠢᠲᠡᠶ ᠬᠥᠳᠡᠯᠦᠯᠴᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ  ᠢ ᠰᠠᠶᠢᠲᠤᠷ ᠡᠬᠢᠯᠡᠭᠦᠯᠬᠦ ᠪᠠᠷ ᠴᠢᠷᠮᠠᠶᠢᠵᠤ ᠪᠠᠶᠢᠨ᠎ᠠ᠃
1.png
    ᠪᠠᠶᠢᠴᠠᠭᠠᠯᠲᠠ ᠶᠢᠨ ᠳᠤᠮᠳᠠ᠂ ᠰᠤᠮᠤᠨ ᠤ ᠲᠠᠷᠢᠶᠠᠯᠠᠩ ᠮᠠᠯ ᠠᠵᠤ ᠠᠬᠤᠶ ᠶᠢᠨ ᠳᠡᠯᠭᠡᠷᠡᠭᠦᠯᠬᠦ ᠲᠥᠪ ᠨᠢ ᠭᠤᠤᠯᠳᠠᠭᠤ ᠲᠠᠷᠢᠶᠠᠯᠠᠩ ᠤᠨ ᠮᠠᠰᠢᠨ ᠢ ᠠᠶᠤᠯᠭᠦᠶ ᠠᠵᠢᠯᠯᠠᠭᠤᠯᠬᠤ᠂ ᠲᠠᠷᠢᠶᠠᠨ ᠡᠮ ᠬᠢᠮᠢ ᠶᠢᠨ ᠪᠣᠷᠲᠣᠭᠤᠷ ᠢ ᠰᠢᠨᠵᠢᠯᠡᠬᠦ ᠤᠬᠠᠭᠠᠨᠴᠢ ᠪᠠᠷ ᠬᠠᠳᠠᠭᠠᠯᠠᠨ ᠬᠡᠷᠡᠭᠯᠡᠬᠦ᠂ ᠭᠠᠯ ᠬᠡᠷᠡᠭᠯᠡᠬᠦ ᠪᠠ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠡᠷᠭᠡ ᠠᠭᠤᠯᠭ᠎ᠠ ᠶᠢᠨ ᠲᠣᠭᠤᠷᠢᠨ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠷᠢᠶᠠᠲᠤ ᠣᠷᠣᠨ ᠤ ᠲᠠᠷᠢᠶᠠᠯᠠᠩ ᠳᠤ ᠬᠡᠷᠡᠭᠯᠡᠬᠦ ᠮᠠᠰᠢᠨ ᠪᠣᠯᠤᠨ ᠲᠠᠷᠢᠶᠠᠨ ᠠᠵᠢᠯ ᠤᠨ ᠲᠤᠬᠠᠶ ᠶᠢᠨ ᠭᠠᠵᠠᠷ ᠢ ᠵᠢᠯᠣᠭᠤᠳᠴᠤ᠂ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠬᠡᠷᠡᠭᠯᠡᠵᠦ ᠠᠷᠠᠴᠢᠯᠠᠨ ᠬᠠᠮᠠᠭᠠᠯᠠᠵᠤ᠂ ᠲᠠᠷᠢᠶᠠᠯᠠᠩ ᠤᠨ ᠮᠠᠰᠢᠨ ᠪᠠᠭᠠᠵᠢ ᠶᠢ ᠰᠠᠶᠢᠨ ᠰᠠᠶᠢᠬᠠᠨ ᠪᠠᠶᠢᠳᠠᠯ ᠢᠶᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠭᠤᠯᠬᠤ ᠶᠢ ᠪᠠᠲᠤᠯᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃
2.png
     ᠲᠣᠰ ᠤᠳᠠᠭᠠᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠨᠢ ᠰᠤᠮᠤᠨ ᠤ  ᠱᠠᠯᠠ ᠶᠢᠨ ᠬᠤᠳᠳᠤᠭ ︵板滩井︶    ᠲᠤ ᠰᠠᠭᠤᠭ᠎ᠠ ᠮᠠᠯᠴᠢᠨ ᠲᠠᠷᠢᠶᠠᠴᠢᠨ ᠤ ᠠᠶᠤᠯᠭᠦᠶ ᠦᠢᠯᠡᠳᠪᠦᠷᠢᠯᠡᠯ ᠤᠨ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠨ ᠭᠠᠵᠠᠷ ᠤᠨ ᠠᠵᠢᠯ ᠤᠨ ᠡᠮᠬᠢ ᠵᠢᠷᠤᠮ ᠢ ᠵᠢᠷᠤᠮᠵᠢᠭᠤᠯᠤᠨ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠮᠠᠨᠳᠤᠯ ᠰᠤᠮᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠵᠢᠯ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠲᠣᠭᠲᠠᠭᠤᠨ ᠢ ᠪᠠᠲᠤᠯᠠᠨ᠎ᠠ᠃
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠮᠠᠨᠳᠤᠯ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号