3 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠣᠰᠢᠭᠤ ᠳᠠᠷᠤᠭ᠎ᠠ | ᠵᠢᠶᠠᠩ ᠪᠢᠩ ᠵᠢᠶᠧ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠭᠤᠯᠴᠢᠯᠠᠯ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠴᠢᠩᠭᠠᠳᠬᠠᠵᠤ᠂ ᠠᠵᠢᠯ ᠤᠨ | ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠢ ᠵᠦᠢᠯ ᠳᠠᠷᠠᠭᠠᠯᠠᠨ | ᠨᠠᠶᠢᠳᠠᠪᠤᠷᠢᠵᠢᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠪᠥᠬᠦ ᠬᠤᠰᠢᠭᠤᠨ ᠤ | ᠵᠢᠭᠤᠯᠴᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠶ ᠲᠠᠯ᠎ᠠ ᠶᠢ | ᠭᠦᠢᠴᠡᠳ ᠲᠠᠨᠢᠵᠤ᠂ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠵᠢᠭᠤᠯᠴᠢᠯᠠᠯ ᠤᠨ ᠠᠮᠤᠷ | ᠲᠦᠪᠰᠢᠨ ᠤ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ | ᠠᠯᠬᠤᠮ ᠨᠠᠷᠢᠯᠢᠬᠵᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠪᠠᠨ ᠰᠢᠯᠢᠳᠡᠭᠵᠢᠭᠦᠯᠦᠨ᠂ ᠡᠯ᠎ᠡ ᠲᠥᠷᠥᠯ ᠤᠨ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠠᠵᠢᠯᠯᠠᠭᠠᠨ ᠤ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠷᠭᠢᠨ ᠲᠣᠭᠤᠷᠢᠨ ᠤ ᠮᠠᠯᠵᠢᠬᠤ ᠡᠷᠦᠬᠡ ᠲᠠᠢ | ᠬᠠᠮᠲᠤᠷᠠᠨ ᠵᠢᠭᠤᠯᠴᠢᠯᠠᠯ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠩᠭᠢ ᠪᠠᠶᠢᠭᠤᠯᠵᠤ᠂ ᠲᠣᠭᠤᠷᠢᠨ | ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠦᠨᠡᠨᠬᠦ ᠵᠢᠷᠤᠮᠵᠢᠭᠤᠯᠬᠤ ᠬᠡᠷᠡᠭᠲᠡᠶ᠃ ᠭᠤᠤᠯᠳᠠᠯᠭ᠎ᠠ ᠲᠠᠢ ᠦᠵᠡᠮᠵᠢ ᠶᠢᠨ ᠣᠷᠣᠨ ᠦᠵᠡᠮᠵᠢ ᠶᠢᠨ ᠴᠡᠭ ᠢ ᠴᠢᠩᠭ᠎ᠠ | ᠠᠩᠬᠠᠷᠴᠤ᠂ ᠰᠡᠷᠡᠮᠵᠢᠯᠡᠭᠦᠯᠬᠦ ᠫᠠᠶᠢᠰᠠ ᠪᠠᠶᠢᠷᠢᠯᠠᠭᠤᠯᠬᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠳᠠᠯᠳᠠ ᠬᠡᠮ ᠤᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ | ᠂ ᠳᠣᠬᠢᠭᠤᠷ ᠳᠣᠯᠤᠭ᠎ᠠ᠂ ᠵᠢᠯᠣᠭᠤᠴᠢ ᠥᠬᠡᠶ ᠨᠢᠰᠬᠡᠯ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠡᠯᠧᠺᠲᠷᠦᠨ | ᠬᠦᠷᠢᠶ᠎ᠡ ᠬᠠᠰᠢᠶ᠎ᠠ ᠵᠡᠷᠭᠡ ᠠᠷᠭ᠎ᠠ ᠪᠠᠷᠢᠯ ᠢ ᠭᠦᠢᠴᠡᠳ ᠬᠡᠷᠡᠭᠯᠡᠨ ᠮᠡᠷᠭᠡᠵᠢᠯ ᠤᠨ ᠰᠡᠷᠭᠡᠶᠢᠯᠡᠯᠲᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠠᠮᠤᠷ ᠲᠦᠪᠰᠢᠨ ᠤ ᠬᠢᠷᠢ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠶ᠃ ᠵᠤᠭᠠᠴᠠᠯ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠺᠠᠳ᠋ᠷ | ᠠᠵᠢᠯᠳᠠᠨ ᠠᠵᠢᠯᠴᠢᠨ ᠵᠢᠴᠢ ᠠᠵᠢᠯᠯᠠᠵᠤ ᠪᠠᠶᠢᠭ᠎ᠠ ᠬᠥᠮᠦᠰ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢ ᠴᠢᠩᠭᠠᠳᠬᠠᠵᠤ᠂ ᠵᠤᠭᠠᠴᠠᠭᠰᠠᠳ ᠢ ᠬᠦᠳᠦᠯᠦᠨ ᠵᠢᠯᠣᠭᠤᠳᠴᠤ ᠪᠠᠶᠢᠭᠠᠳ ᠡᠯᠡᠰᠦᠨ ᠴᠦᠯ ᠤᠨ | ᠵᠤᠭᠠᠴᠠᠯ ᠤᠨ ᠲᠤᠬᠠᠢ ᠵᠥᠪ ᠲᠠᠨᠢᠯᠲᠠ ᠲᠠᠢ ᠪᠣᠯᠭᠠᠵᠤ᠂ ᠡᠯ᠎ᠡ ᠲᠠᠯ᠎ᠠ ᠶᠢᠨ ᠵᠤᠭᠠᠴᠠᠯ ᠤᠨ ᠠᠮᠤᠷ ᠲᠦᠪᠰᠢᠨ ᠤ | ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠨᠡᠩ ᠤᠯᠠᠨ ᠠᠮᠤᠷ ᠲᠦᠪᠰᠢᠨ ᠤ ᠴᠢᠨᠠᠷ ᠢᠶᠠᠷ ᠴᠢᠩᠭ᠎ᠠ᠂ | ᠨᠠᠭᠠᠳᠴᠤ ᠪᠣᠯᠬᠤ ᠵᠢᠭᠤᠯᠴᠢᠯᠠᠯ ᠤᠨ ᠦᠢᠯᠡᠳᠬᠦᠨ ᠤ ᠰᠢᠨ᠎ᠡ ᠶᠢ ᠡᠭᠦᠳᠦᠨ ᠲᠣᠭᠲᠠᠭᠠᠵᠤ᠂ ᠵᠢᠭᠤᠯᠴᠢᠯᠠᠯ ᠤᠨ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠵᠢᠭᠤᠯᠴᠢᠯᠠᠭᠰᠠᠳ ᠢ ᠬᠥᠲᠥᠯᠥᠨ | ᠵᠢᠯᠣᠭᠤᠳᠴᠤ ᠪᠠᠶᠢᠭᠠᠳ ᠵᠢᠩᠬᠢᠨᠢ ᠪᠠᠶᠢᠭᠤᠯᠤᠮᠵᠢ᠂ ᠲᠣᠭᠲᠠᠭᠠᠭᠰᠠᠨ ᠠᠮᠤᠷ ᠲᠦᠪᠰᠢᠨ ᠭᠠᠵᠠᠷ ᠪᠠ ᠵᠠᠮ | ᠱᠤᠭᠤᠮ ᠢᠶᠠᠷ ᠳᠠᠮᠵᠢᠭᠤᠯᠤᠨ ᠡᠯᠡᠰᠦᠨ ᠴᠥᠯ ᠤᠨ ᠵᠢᠭᠤᠯᠴᠢᠯᠠᠯ ᠢ ᠣᠶᠢᠯᠠᠭᠠᠭᠤᠯᠵᠤ᠂ ᠠᠮᠤᠷ ᠲᠦᠪᠰᠢᠨ᠂ | ᠲᠠᠭᠠᠯᠠᠮᠵᠢᠲᠠᠶ᠂ ᠰᠡᠳᠬᠢᠯ ᠬᠠᠨᠤᠮᠵᠢᠲᠠᠶ ᠵᠢᠭᠤᠯᠴᠢᠯᠠᠯ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ | ᠬᠡᠷᠡᠭᠲᠡᠶ᠃ | ᠳᠡᠳ᠋ ᠬᠣᠰᠢᠭᠣ ᠳᠠᠷᠤᠭ᠎ᠠ ᠬᠤᠤ ᠱᠢ ᠸᠧᠶ᠂ ᠫᠠᠨ ᠰᠢᠶᠤᠤ ᠢᠦᠶ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ | |