ᠵᠢᠶᠠᠩ ᠪᠢᠩ ᠵᠢᠶᠧ ᠬᠣᠰᠢᠭᠤᠨ  ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/3/31
    3 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠣᠰᠢᠭᠤ ᠳᠠᠷᠤᠭ᠎ᠠ ᠵᠢᠶᠠᠩ ᠪᠢᠩ ᠵᠢᠶᠧ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠵᠦ᠂ 2025 ᠣᠨ ᠤ ᠠᠵᠢᠯ ᠢ ᠥᠷᠨᠢᠭᠦᠯᠦᠭᠰᠡᠨ ᠵᠢᠴᠢ ᠲᠥᠯᠥᠪᠵᠢᠭᠦᠯᠦᠭᠰᠡᠨ ᠪᠠᠶᠢᠳᠠᠯ ᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠶᠠᠷᠢᠯᠴᠠᠨ ᠰᠣᠯᠢᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
s_6facf0aec68b42dc822025e80ed247c9.jpg
     ᠵᠢᠶᠠᠩ ᠪᠢᠩ ᠵᠢᠶᠧ ᠴᠢᠬᠤᠯᠠᠴᠢᠯᠠᠬᠤ ᠳᠤ ᠪᠠᠨ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠮᠠᠰᠢ ᠤᠯᠠᠨ ᠪᠠᠶᠢᠨ᠎ᠠ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠤᠪᠴᠢᠶᠠᠨ ᠤ ᠤᠳᠤᠷᠢᠳᠬᠤ ᠪᠠᠭ ᠵᠣᠷᠢᠭᠲᠠᠶ ᠪᠠᠷ ᠠᠵᠢᠯ ᠬᠢᠵᠦ᠂ ᠴᠢᠳᠠᠮᠠᠭᠠᠶ ᠪᠠᠷ ᠠᠵᠢᠯ ᠪᠦᠲᠦᠭᠡᠵᠦ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠤᠳᠤᠯᠤᠨ ᠨᠡᠪᠲᠡᠷᠡᠲᠡᠯ᠎ᠡ ᠣᠶᠢᠯᠠᠭᠠᠵᠤ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ ᠵᠣᠯᠭᠠᠭᠤᠯᠵᠤ᠂ ᠭᠤᠤᠯᠳᠠᠯᠭ᠎ᠠ ᠲᠠᠢ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠰᠢᠨ᠎ᠡ ᠠᠮᠵᠢᠯᠲᠠ ᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠲᠡᠮᠡᠭᠡᠨ ᠤ ᠠᠵᠤ ᠦᠢᠯᠡᠰ ᠤᠨ ᠬᠥᠭᠵᠢᠯᠲᠡ ᠬᠢᠭᠡᠳ ᠠᠮᠢ ᠠᠬᠤᠶ ᠶᠢᠨ ᠬᠠᠮᠠᠭᠠᠯᠠᠯᠲᠠ᠂ ᠬᠠᠩᠭᠠᠯᠭ᠎ᠠ ᠬᠡᠷᠡᠭᠴᠡᠭᠡ ᠲᠡᠩᠴᠡᠭᠦᠷᠢᠲᠡᠶ᠂ ᠶᠠᠰᠤ ᠴᠢᠨᠠᠷ ᠤᠨ ᠠᠮᠤᠷ ᠲᠦᠪᠰᠢᠨ ᠤ ᠬᠤᠭᠤᠷᠣᠨᠳᠣ ᠣᠷᠣᠰᠢᠵᠤ ᠪᠠᠶᠢᠭ᠎ᠠ ᠭᠦᠨ ᠳᠠᠪᠬᠤᠷᠭ᠎ᠠ ᠶᠢᠨ ᠵᠥᠷᠢᠴᠡᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠦᠴᠦᠨ ᠢᠶᠠᠷ ᠢᠶᠠᠨ ᠬᠦᠴᠢᠷᠳᠡᠯ ᠢ ᠰᠢᠢᠳᠪᠦᠷᠢᠯᠡᠨ ᠰᠢᠨ᠎ᠡ ᠪᠠᠶᠢᠳᠠᠯ ᠢ ᠡᠭᠦᠳᠴᠦ᠂ ᠠᠯᠠᠱᠠ ᠪᠠᠷᠠᠭᠤᠨ ᠬᠤᠰᠢᠭᠤᠨ ᠤ ᠢᠩᠭᠡᠨ ᠰᠦ ᠶᠢᠨ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠤᠯᠤᠰ ᠤᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠶ᠃ ᠭᠤᠣᠯᠳᠠᠯᠭ᠎ᠠ ᠶᠢ ᠠᠳᠬᠤᠵᠤ᠂ ᠤᠨᠢᠨ ᠳᠡᠭᠡᠷ᠎ᠡ ᠨᠢ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠭᠠᠴᠠᠭᠠᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠡᠩᠨᠡᠭᠡ ᠶᠢ ᠲᠦᠷᠭᠡᠨ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠪᠡ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠣᠰᠢᠭᠤ ᠳᠠᠷᠤᠭ᠎ᠠ ᠸᠠᠩ ᠳ᠋ᠥᠸᠧ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号