ᠬᠠᠪᠤᠷ ᠤᠨ ᠡᠷᠲᠡ ᠶᠢᠨ ᠠᠯᠠᠱᠠ ᠪᠠᠷᠠᠭᠤᠨ ᠬᠤᠰᠢᠭᠤᠨ ᠤ ᠠᠭᠤᠷ ᠠᠮᠢᠰᠬᠤᠯ ᠪᠠᠰᠠ ᠬᠦᠢᠲᠡᠨ ᠪᠠᠶᠢᠬᠤ ᠳᠤ᠂ | ᠪᠠᠶᠠᠨᠭᠤᠣᠯ ᠰᠤᠮᠤᠨ ᠤ ᠣᠯᠠᠨᠪᠤᠯᠠᠭ ᠭᠠᠴᠠᠭᠠᠨ ᠤ ᠮᠠᠯᠴᠢᠨ ᠪᠠᠭᠠᠲᠤᠷ ᠤᠨ ᠭᠡᠷ ᠤᠨ ᠬᠠᠰᠢᠶ᠎ᠠ ᠰᠠᠷᠠᠪᠴᠢᠨ ᠳᠤ ᠬᠠᠷᠢᠨ | ᠮᠠᠰᠢ ᠳᠤᠯᠠᠭᠠᠬᠠᠨ ᠪᠠᠶᠢᠯ᠎ᠠ᠃ ᠠᠳᠡ ᠲᠡᠨᠳᠡ ᠦᠭᠡᠢ ᠨᠢᠵᠢᠭᠢᠨᠡᠲᠡᠯ᠎ᠡ ᠮᠠᠢᠯᠠᠯᠳᠣᠬᠤ ᠳᠠᠭᠤᠨ ᠤ ᠳᠤᠮᠳᠠ ᠵᠠᠭᠤ ᠭᠠᠷᠤᠢ | ᠰᠢᠨ᠎ᠡ ᠲᠥᠷᠥᠭᠰᠡᠨ ᠢᠰᠢᠭᠡ ᠶᠠᠭ ᠠᠯᠲᠠᠨ ᠰᠢᠷᠭᠠᠯ ᠥᠷᠯᠥᠭᠡ ᠶᠢᠨ ᠨᠠᠷᠠ ᠤ ᠭᠡᠷᠡᠯ ᠲᠣᠣᠷ᠎ᠠ ᠲᠤᠭᠯᠠᠨ ᠨᠠᠭᠠᠳᠴᠤ | ᠪᠠᠢᠨ᠎ᠠ᠂ ᠦᠰᠦᠯᠢᠭ ᠵᠢᠰᠦ ᠨᠢ ᠦᠨᠡᠬᠡᠷ ᠬᠥᠭᠡᠷᠦᠬᠦᠨ ᠶᠤᠮ᠃ | | | | | ᠪᠠᠶᠠᠨᠭᠤᠣᠯ ᠰᠤᠮᠤᠨ ᠤ ᠣᠯᠠᠨᠪᠤᠯᠠᠭ ᠭᠠᠴᠠᠭᠠᠨ ᠤ ᠮᠠᠯᠴᠢᠨ ᠤᠷᠠᠨ᠄ ︽ᠡᠨᠡ ᠵᠢᠯ ᠮᠠᠨ ᠤ ᠢᠮᠠᠭᠠᠨ ᠤ | ᠦᠷᠡᠵᠢᠯᠲᠡ ᠶᠢᠨ ᠪᠠᠶᠢᠳᠠᠯ ᠨᠡᠯᠢᠶᠡᠳ ᠵᠦᠭᠡᠷ ᠪᠠᠶᠢᠨ᠎ᠠ᠂ ᠵᠢᠱᠢᠯᠲᠡ ᠪᠠᠷ ᠵᠠᠭᠤ ᠭᠠᠷᠤᠢ ᠢᠰᠢᠭᠡ ᠲᠤᠰᠬᠤ ᠪᠣᠯᠤᠨ᠎ᠠ᠃ | ᠣᠳᠣ ᠨᠢᠭᠡᠨᠲᠡ ᠨᠠᠶᠠ ᠭᠠᠷᠤᠶ ᠢᠰᠢᠭᠡ ᠢᠰᠢᠭᠡᠯᠡᠵᠦ᠂ ᠭᠤᠴᠢ ᠭᠠᠷᠤᠶ ᠡᠮ᠎ᠡ ᠢᠮᠠᠭ᠎ᠠ ᠣᠳᠣ ᠶᠠᠭ ᠢᠰᠢᠭᠡᠯᠡᠭᠦ ᠶᠢ | ᠬᠦᠯᠢᠶᠡᠵᠦ ᠪᠠᠶᠢᠨ᠎ᠠ᠃ ᠪᠠᠶᠠᠷᠯᠠᠭᠤᠰᠢᠲᠠᠶ ᠵᠦᠢᠯ ᠭᠡᠪᠡᠯ᠂ ᠢᠰᠢᠭᠡᠨ ᠤ ᠠᠮᠢᠳᠤᠷᠠᠬᠤ ᠨᠣᠷᠮ᠎ᠠ ᠥᠨᠳᠥᠷ ᠪᠥᠭᠡᠳ | ᠢᠮᠠᠭᠠᠨ ᠤ ᠲᠠᠷᠭᠤ ᠬᠦᠴᠦ ᠴᠤ ᠮᠠᠰᠢ ᠰᠠᠶᠢᠨ ᠪᠠᠶᠢᠨ᠎ᠠ︾ ᠭᠡᠪᠡ᠃ | | | | | ᠬᠠᠪᠤᠷ ᠤᠨ ᠬᠤᠷᠠᠭ᠎ᠠ ᠢᠰᠢᠭᠡ ᠦᠷᠡᠵᠢᠭᠦᠯᠦᠨ ᠪᠤᠶᠢᠵᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ | ᠪᠠᠲᠤᠯᠠᠬᠤ ᠶᠢᠨ ᠲᠥᠯᠥᠭᠡ᠂ ᠠᠯᠠᠱᠠ ᠪᠠᠷᠠᠭᠤᠨ ᠬᠤᠰᠢᠭᠤ ᠲᠥᠯ ᠲᠤᠰᠴᠤ ᠪᠤᠶᠢᠵᠢᠭᠤᠯᠬᠤ ᠶᠢ ᠣᠳᠣᠬᠠᠨ ᠤ ᠮᠠᠯ | ᠠᠵᠤ ᠠᠬᠤᠶ ᠶᠢᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠳ ᠮᠠᠯᠴᠢᠨ ᠲᠠᠷᠢᠶᠠᠴᠢᠨ ᠤ ᠬᠠᠪᠤᠷ ᠤᠨ ᠢᠰᠢᠭᠡ | ᠬᠤᠷᠠᠭᠠᠨ ᠤ ᠦᠢᠯᠡᠳᠪᠦᠷᠢᠯᠡᠯ ᠤᠨ ᠪᠠᠶᠢᠳᠠᠯ ᠢ ᠨᠢᠭᠲᠠ ᠠᠩᠬᠠᠷᠴᠤ᠂ ᠡᠬᠡ ᠮᠠᠯ ᠤᠨ ᠬᠠᠰᠢᠶ᠎ᠠ ᠰᠠᠷᠠᠪᠴᠢ ᠶᠢᠨ | ᠳᠤᠯᠠᠭᠠᠯᠠᠭ᠎ᠠ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠠᠵᠢᠯ ᠳᠤ ᠴᠠᠭ ᠲᠤᠬᠠᠶ ᠳᠤᠨᠢ | ᠵᠢᠯᠣᠭᠤᠳᠣᠯᠭ᠎ᠠ ᠬᠠᠩᠭᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ | ᠬᠤᠰᠢᠭᠤᠨ ᠳᠤ ᠨᠢᠭᠡᠨᠲᠡ 4.8 ᠲᠦᠮᠡᠨ ᠢᠰᠢᠭᠡ ᠬᠤᠷᠠᠭ᠎ᠠ ᠲᠤᠰᠴᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠬᠠᠷᠢᠴᠠᠭᠤᠯᠪᠠᠯ ᠪᠠᠭ᠎ᠠ ᠰᠠᠭ᠎ᠠ ᠨᠡᠮᠡᠭᠳᠡᠵᠦ᠂ ᠤᠨᠳᠤᠷᠤᠭᠰᠠᠨ ᠲᠥᠯ ᠮᠠᠯ ᠤᠨ ᠲᠤᠭ᠎ᠠ | ᠬᠡᠮᠵᠢᠶ᠎ᠡ 4.7 ᠲᠦᠮᠡ ᠬᠦᠷᠴᠦ᠂ ᠲᠥᠯ ᠮᠠᠯ ᠤᠨ ᠡᠳᠡᠭᠡᠷᠡᠯᠲᠡ ᠶᠢᠨ ᠨᠣᠷᠮ᠎ᠠ 98% ᠳᠤ ᠬᠥᠷᠪᠡ ᠃ | | | | | ᠠᠯᠠᠱᠠ ᠪᠠᠷᠠᠭᠤᠨ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ | ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠤᠳᠤᠯᠤᠭᠴᠢ ᠯᠢ ᠶᠠᠨ ᠵᠢᠶᠦ᠋ᠨ ᠬᠡᠯᠡᠭᠰᠡᠨ ᠨᠢ᠄ ︽ᠴᠠᠭᠠᠨ ᠰᠠᠷ᠎ᠠ ᠶᠢᠨ | ᠡᠮᠦᠨ᠎ᠡ ᠬᠤᠶᠢᠨ᠎ᠠ ᠠᠴᠠ ᠡᠬᠢᠯᠡᠨ᠂ ᠪᠥᠬᠦ ᠬᠤᠰᠢᠭᠤ ᠵᠠᠯᠭᠠᠪᠡᠷ ᠲᠥᠯ ᠲᠤᠰᠴᠤ ᠪᠤᠶᠢᠵᠢᠭᠤᠯᠬᠤ ᠠᠵᠢᠯ ᠳᠤ ᠣᠷᠣᠵᠤ | ᠂ ᠪᠢᠳᠡ ᠲᠤᠰᠬᠠᠶ ᠮᠡᠷᠭᠡᠵᠢᠯ ᠤᠨ ᠠᠵᠢᠯᠲᠠᠨ ᠢᠶᠠᠨ ᠵᠣᠬᠢᠶᠠᠨ ᠪᠠᠶᠢᠭᠤᠯᠵᠤ ᠮᠠᠯᠵᠢᠬᠤ ᠡᠷᠦᠬᠡ ᠳᠤ ᠭᠦᠨᠵᠡᠭᠡᠶᠢᠷᠡᠨ᠂ | ᠢᠮᠠᠭ᠎ᠠ ᠬᠤᠨᠢᠨ ᠤ ᠲᠦᠷᠤᠭᠦ ᠳᠡᠬᠡᠨ ᠪᠡᠷᠭᠡᠳᠡᠭᠦ ᠶᠢ ᠠᠪᠤᠷᠠᠨ ᠲᠤᠰᠠᠯᠠᠬᠤ᠂ ᠡᠪᠡᠳᠴᠢᠨ ᠡᠮᠭᠡᠭ ᠢ ᠡᠮᠨᠡᠨ | ᠵᠠᠰᠠᠬᠤ᠂ ᠡᠪᠡᠰᠦ ᠪᠣᠷᠳᠤᠭ᠎ᠠ ᠨᠥᠭᠡᠴᠡᠯᠡᠬᠦ ᠵᠡᠷᠭᠡ ᠣᠯᠠᠨ ᠵᠦᠢᠯ ᠤᠨ ᠠᠵᠢᠯ ᠬᠢᠵᠦ᠂ ᠢᠰᠢᠭᠡ ᠬᠣᠷᠭᠠᠨ ᠤ | ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ | ᠪᠠᠶᠠᠵᠢᠭᠤᠯᠬᠤ ᠳᠤ ᠬᠦᠴᠦᠨ ᠴᠢᠳᠠᠯ ᠢᠶᠠᠨ ᠡᠷᠭᠦᠪᠡ︾ ᠭᠡᠪᠡ᠃ | | | | | | | | |