3 ᠰᠠᠷ᠎ᠠ ᠶᠢᠨ 5 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠵᠠᠰᠠᠭ ᠤᠨ ᠣᠷᠳᠣᠨ ᠤ | ᠠᠵᠢᠯ ᠤᠨ ᠢᠯᠡᠳᠭᠡᠯ ᠢ ᠬᠢᠨᠠᠨ ᠵᠥᠪᠯᠡᠪᠡ᠃ | ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠦᠭᠡ | ᠬᠡᠯᠡᠵᠦ᠂ ᠸᠠᠩ ᠯᠢ ᠰᠢᠶᠠ᠂ ᠶᠠᠩ ᠵᠧᠨ ᠡᠤ᠂ ᠪᠦ᠋ ᠰᠢᠶᠤᠤ ᠯᠢᠨ ᠵᠡᠷᠭᠡ ᠲᠥᠯᠥᠭᠡᠯᠡᠭᠴᠢ ᠦᠭᠡ ᠬᠡᠯᠡᠪᠡ᠃ | ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠫᠠᠨ ᠶᠤᠸᠠᠢ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠳ᠋ ᠤᠨ ᠵᠠᠰᠠᠭ ᠤᠨ ᠶᠠᠮᠤᠨ᠂ ᠵᠠᠰᠠᠭ ᠤᠨ ᠣᠷᠳᠣᠨ ᠤ ᠠᠵᠢᠯ ᠤᠨ | ᠢᠯᠡᠳᠭᠡᠯ ᠢ ᠲᠤᠭᠤᠷᠪᠢᠬᠤ ᠳᠤᠭᠤᠶᠢᠯᠠᠩ᠂ ᠶᠡᠭᠡ ᠬᠤᠷᠠᠯ ᠤᠨ ᠬᠠᠤᠯᠢ ᠶᠢᠨ ᠲᠥᠰᠦᠯ ᠤᠨ ᠳᠤᠭᠤᠶᠢᠯᠠᠩ᠂ ᠪᠢᠴᠢᠭ | ᠮᠠᠲ᠋ᠧᠷᠢᠶᠠᠯ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠤᠭᠳᠠᠯ ᠪᠦᠬᠦᠢ ᠨᠥᠬᠦᠳ ᠬᠤᠷᠠᠯ ᠳᠤ ᠤᠷᠤᠯᠴᠠᠵᠤ | ᠬᠢᠨᠠᠨ ᠵᠥᠪᠯᠡᠭᠰᠡᠨ ᠰᠠᠨᠠᠯ ᠢ ᠰᠣᠨᠣᠰᠴᠠᠢ᠃ | ᠰᠦᠨ ᠱᠤᠤ ᠴᠧᠩ ᠲᠥᠯᠥᠭᠡᠯᠡᠭᠴᠢ ᠠᠴᠠ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ | ᠣᠷᠳᠣᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠤᠭ ᠢ | ᠥᠨᠳᠥᠷ ᠮᠠᠨᠳᠤᠭᠤᠯᠵᠤ᠂ ᠵᠠᠮ ᠨᠡᠭᠡᠭᠡᠨ ᠤᠷᠤᠭᠰᠢᠯᠠᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠭᠰᠠᠨ | ᠢᠯᠡᠳᠭᠡᠯ ᠪᠤᠯᠵᠠᠢ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠥᠩᠭᠡᠷᠡᠭᠰᠡᠨ ᠨᠢᠭᠡ ᠵᠢᠯ ᠳᠤ | ᠮᠠᠨ ᠤ ᠤᠯᠤᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠡᠯ᠎ᠡ | ᠬᠦᠷᠢᠶᠡᠨ ᠤ ᠠᠵᠢᠯ ᠳᠤ ᠬᠢᠯᠠᠰ ᠴᠡᠭ ᠢᠯᠡᠷᠡᠪᠡ᠃ ᠠᠵᠤ ᠠᠬᠤᠢ ᠶᠢᠨ ᠡᠷᠭᠢᠯᠳᠡ ᠳᠠᠬᠢ ᠰᠢᠨ᠎ᠡ ᠪᠠᠶᠢᠳᠠᠯ ᠰᠢᠨ᠎ᠡ | ᠠᠰᠠᠭᠤᠳᠠᠯ ᠤᠨ ᠡᠮᠦᠨ᠎ᠡ ᠨᠠᠮ ᠤᠨ ᠲᠥᠪ ᠬᠤᠷᠢᠶ᠎ᠠ ᠠᠯᠢ ᠤᠯᠠᠨ ᠨᠡᠮᠡᠭᠳᠡᠯ ᠤᠨ ᠲᠦᠷᠦ ᠶᠢᠨ ᠪᠤᠳᠤᠯᠭ᠎ᠠ ᠶᠢ ᠡᠷᠡᠰ | ᠰᠢᠭᠤᠷᠬᠠᠢ ᠪᠠᠶᠢᠷᠢᠯᠠᠭᠤᠯᠵᠤ ᠂ ᠨᠡᠶᠢᠭᠡᠮ ᠤᠨ ᠵᠢᠱᠢᠯᠲᠡ ᠶᠢ ᠪᠦᠲᠦᠮᠵᠢᠲᠡᠢ ᠲᠣᠭᠲᠠᠪᠤᠷᠢᠵᠢᠭᠤᠯᠵᠤ᠂ ᠬᠥᠭᠵᠢᠯᠲᠡ ᠶᠢᠨ | ᠢᠲᠡᠭᠡᠯ ᠵᠣᠷᠢᠭ ᠢ ᠶᠡᠭᠡ ᠪᠠᠷ ᠬᠥᠪᠴᠢᠯᠡᠵᠦ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠬᠦᠴᠦᠲᠡᠢ ᠠᠬᠢᠭᠤᠯᠪᠠ | ᠃ ︽ᠬᠤᠶᠠᠷ ᠢ ᠲᠣᠭᠲᠠᠭᠠᠭᠰᠠᠨ︾ ᠪᠣᠯ ᠪᠢᠳᠡᠨ ᠤ ᠠᠯᠢᠪᠠ ᠠᠵᠢᠯ ᠢᠶᠠᠨ ᠰᠠᠶᠢᠲᠤᠷ ᠬᠢᠬᠦ ᠢᠲᠡᠭᠡᠯ ᠵᠣᠷᠢᠭ ᠤᠨ | ᠦᠨᠳᠦᠰᠦ᠂ ᠠᠯᠢᠪᠠ ᠠᠶᠤᠯ ᠲᠦᠭᠰᠢᠭᠦᠷᠢ ᠶᠢ ᠢᠯᠠᠨ ᠳᠠᠪᠠᠭ᠋ᠤ ᠢᠯᠠᠯᠲᠠ ᠶᠢᠨ ᠡᠬᠢ ᠰᠤᠷᠪᠤᠯᠵᠢ ᠪᠣᠯᠬᠤ ᠶᠢ | ᠦᠢᠯᠡᠳᠦᠯᠭᠡ ᠳᠠᠬᠢᠨᠲᠠ ᠭᠡᠷᠡᠴᠢᠯᠡᠭᠰᠡᠨ ᠪᠥᠭᠡᠳ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠭᠰᠠᠨ ᠨᠢ ᠨᠠᠷᠢᠯᠢᠭ ᠣᠨᠣᠪᠴᠢᠲᠠᠢ᠂ | ᠪᠣᠳᠠᠲᠠᠢ ᠶᠢ ᠡᠷᠬᠢᠮᠯᠡᠭᠰᠡᠨ᠂ ᠥᠨᠳᠥᠷ ᠪᠦᠲᠦᠮᠵᠢᠲᠡᠢ ᠪᠠᠶᠢᠬᠤ ᠶᠢ ᠲᠤᠰᠬᠠᠪᠠ᠃ ᠢᠯᠡᠳᠭᠡᠯ ᠳᠤ ᠳᠤᠷᠠᠳᠤᠭᠰᠠᠨ | ᠬᠠᠷᠠᠯᠲᠠ ᠡᠭᠦᠷᠭᠡ ᠨᠢ ᠨᠡᠩ ᠢᠳᠡᠪᠬᠢᠲᠡᠢ ᠪᠥᠭᠡᠳ ᠵᠢᠳᠬᠦᠯ ᠴᠢᠷᠮᠠᠶᠢᠯᠭ᠎ᠠ ᠲᠠᠢ ᠢᠯᠡ ᠲᠣᠳᠣ ᠤᠳᠤᠷᠢᠳᠤᠮᠵᠢ ᠶᠢ | ᠢᠯᠡᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ | ᠠᠬᠢᠭᠤᠯᠬᠤ ᠡᠷᠡᠰ ᠪᠠᠲᠤ ᠵᠣᠷᠢᠭ ᠢ ᠢᠯᠡᠷᠡᠭᠦᠯᠵᠦ᠂ ᠮᠠᠨ ᠤ ᠤᠯᠤᠰ ᠤᠨ ᠬᠥᠭᠵᠢᠯᠲᠡ ᠰᠢᠨ᠎ᠡ ᠳᠡᠭᠲᠡᠷ ᠲᠤ | ᠭᠠᠷᠬᠤ ᠶᠢ ᠬᠦᠴᠦᠲᠡᠢ ᠠᠬᠢᠭᠤᠯᠬᠤ ᠨᠢ ᠯᠠᠪᠲᠠᠢ ᠶᠤᠮ᠃ ᠪᠢᠳᠡ ᠢᠯᠡᠳᠭᠡᠯ ᠢ ᠨᠠᠷᠢᠨ ᠬᠢᠨᠠᠮᠠᠭᠠᠶ ᠰᠤᠷᠤᠯᠴᠠᠨ | ᠣᠶᠢᠯᠠᠭᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠣᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠭᠡᠬᠦ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠠᠮᠤ ᠪᠤᠳᠠᠭ᠎ᠠ ᠵᠢᠴᠢ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ᠂ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠬᠦ᠂ ᠠᠵᠢᠯ ᠣᠯᠭᠤᠯᠲᠠ ᠶᠢ ᠠᠬᠢᠭᠤᠯᠬᠤ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠰᠠᠶᠢᠲᠤᠷ ᠬᠢᠬᠦ ᠵᠡᠷᠭᠡ ᠲᠠᠯ᠎ᠠ ᠪᠠᠷ ᠨᠠᠩ ᠶᠡᠭᠡ | ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠪᠥᠬᠦ ᠤᠯᠤᠰ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ | ᠲᠤᠯᠭᠠᠭᠤᠷᠢᠯᠠᠬᠤ ᠬᠡᠷᠡᠭᠲᠡᠶ ᠭᠡᠵᠤ ᠬᠡᠯᠡᠪᠡ᠃ | ᠸᠠᠩ ᠯᠢ ᠰᠢᠶᠠ ᠲᠥᠯᠥᠭᠡᠯᠡᠭᠴᠢ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ | ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠢᠮᠠᠭᠳᠠ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠪᠣᠯᠤᠨ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠢᠲᠡᠭᠡᠯ ᠲᠡᠭᠦᠯᠳᠡᠷ᠂ ᠬᠥᠮᠦᠰ ᠢ | ᠤᠷᠮᠠᠰᠢᠭᠤᠯᠤᠨ ᠵᠤᠷᠢᠬᠵᠢᠭᠤᠯᠵᠦ᠂ ᠠᠷᠠᠳ ᠤᠨ ᠰᠡᠳᠭᠢᠯ ᠢ ᠶᠡᠬᠡᠳᠡ ᠣᠯᠤᠭᠰᠠᠨ ᠰᠠᠶᠢᠨ ᠢᠯᠡᠳᠭᠡᠯ ᠪᠣᠯᠵᠠᠢ᠂ ᠪᠢ | ᠪᠦᠷᠢᠮᠦᠰᠦᠨ ᠵᠥᠪᠰᠢᠶᠡᠷᠡᠵᠤ ᠪᠠᠶᠢᠨ᠎ᠠ᠃ ᠨᠢᠳᠤᠨᠤᠨ ᠤ ᠮᠠᠨ ᠤ ᠤᠯᠤᠰ ᠤᠨ ᠬᠥᠭᠵᠢᠯᠲᠡ ᠶᠢᠨ ᠶᠠᠪᠤᠴᠠ ᠲᠦᠢᠯ ᠤᠨ | ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠨᠢ ᠬᠥᠮᠦᠰ ᠢ ᠵᠣᠷᠢᠭᠵᠢᠭᠤᠯᠤᠮ᠎ᠠ ᠶᠤᠮ᠃ ᠭᠡᠷᠡᠴᠢᠯᠡᠭᠴᠢ᠂ | ᠪᠡᠶ᠎ᠡ ᠪᠠᠷ ᠢᠶᠠᠨ ᠥᠩᠭᠡᠷᠡᠭᠦᠯᠦᠭᠴᠢ᠂ ᠦᠢᠯᠡᠳᠦᠯᠭᠡᠵᠢᠭᠦᠯᠦᠭᠴᠢ ᠪᠣᠯᠤᠭᠰᠠᠨ ᠤ ᠬᠤᠪᠢ ᠳᠤ ᠶᠡᠷᠦᠩᠬᠡᠢ ᠱᠦᠵᠢ | ᠰᠢ ᠶᠢᠨ ᠫᠢᠩ ᠤᠨ ︽ᠲᠠᠶᠢᠱᠠᠨ ᠠᠭᠤᠯᠠᠨ ᠳᠤ ᠳᠠᠷᠤᠭᠳᠠᠪᠠᠴᠤ ᠡᠪᠦᠳᠦᠭ ᠨᠤᠭᠤᠷᠠᠬᠤ ᠦᠭᠡᠢ︾ ᠶᠡᠷᠦ | ᠪᠤᠰᠤ ᠵᠢᠨᠰᠦ᠋ᠷ ᠵᠢᠪᠬᠤᠭ᠎ᠠ᠂ ︽ᠪᠠᠷᠠᠭᠠᠨ ᠡᠭᠦᠯᠡ ᠬᠠᠷᠠᠭ᠎ᠠ ᠬᠠᠯᠬᠠᠯᠠᠬᠤ ᠠᠴᠠ ᠦᠯᠦ ᠡᠮᠢᠶᠡᠬᠦ︾ ᠬᠤᠯᠠ ᠶᠢᠨ | ᠬᠠᠷᠠᠴᠠ ᠬᠤᠷᠴᠠ ᠲᠠᠨᠢᠯᠲᠠ᠂ ︽ᠰᠠᠯᠬᠢ ᠪᠣᠷᠣᠭᠠᠨ ᠳᠤ ᠠᠭᠤᠯᠠ ᠮᠡᠲᠦ ᠲᠣᠭᠲᠠᠭᠤᠨ ᠪᠠᠶᠢᠬᠤ︾ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ᠂ ︽ᠲᠦᠷᠦ ᠭᠦᠷᠦᠨ ᠪᠣᠯ ᠠᠷᠠᠳ ᠲᠦᠮᠡᠨ᠂ ᠠᠷᠠᠳ ᠲᠦᠮᠡᠨ ᠪᠣᠯ ᠲᠦᠷᠦ | ᠭᠦᠷᠦᠨ︾ ᠭᠡᠬᠦ ᠭᠦᠨ ᠵᠤᠵᠠᠭᠠᠨ ᠬᠠᠶᠢᠷ᠎ᠠ ᠰᠡᠳᠭᠢᠯᠭᠡ ᠶᠢ ᠨᠡᠩ ᠭᠦᠨᠵᠡᠭᠡᠢ ᠮᠡᠳᠡᠷᠡᠪᠡ᠃ ᠶᠡᠷᠦᠩᠬᠡᠶ ᠱᠦᠵᠢ | ᠰᠢ ᠶᠢᠨ ᠫᠢᠩ ᠤᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠣᠯᠭ᠎ᠠ ᠪᠠ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠶ | ᠨᠢᠭᠡᠳᠦᠯᠲᠡᠶ ᠤᠳᠤᠷᠢᠳᠤᠯᠭ᠎ᠠ ᠪᠣᠯ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ᠂ | ᠰᠠᠯᠬᠢ ᠪᠣᠷᠣᠭᠠᠨ ᠤ ᠲᠠᠭᠠᠷᠢᠨ ᠢᠷᠡᠬᠦ ᠦᠶ᠎ᠡ ᠶᠢᠨ ᠬᠠᠮᠤᠭ ᠤᠨ ᠨᠠᠶᠢᠳᠠᠪᠤᠷᠢᠲᠠᠶ ᠦᠮᠦᠭ ᠲᠦᠰᠢᠭ ᠮᠥᠨ ᠭᠡᠳᠡᠭ ᠢ | ᠦᠢᠯᠡᠳᠦᠯᠭᠡ ᠭᠦᠢᠴᠡᠳ ᠭᠡᠷᠡᠴᠢᠯᠡᠪᠡ᠃ ᠪᠢᠳᠡ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶ᠎ᠠ ᠶᠢᠨ ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠲᠠᠢ ᠨᠢᠭᠡᠳᠭᠡᠵᠦ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ | ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠤᠭ᠎ᠠ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ | ᠨᠢᠭᠡ ᠰᠡᠳᠭᠢᠯ ᠨᠢᠭᠡ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠤ | ᠬᠡᠯᠡᠪᠡ᠃ | ᠶᠠᠩ ᠵᠧᠨ ᠡᠤ ᠲᠥᠯᠥᠭᠡᠯᠡᠭᠴᠢ᠂ ᠶᠡᠷᠦᠩᠬᠡᠶ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ | ᠠᠵᠢᠯ ᠤᠨ ᠢᠯᠡᠳᠭᠡᠯ ᠠᠮᠵᠢᠯᠲᠠ ᠪᠦᠲᠦᠮᠵᠢ ᠶᠢ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠠᠶᠢᠳᠠᠯ ᠢ | ᠵᠠᠳᠠᠯᠬᠤ ᠳᠠᠭᠠᠨ ᠤᠨᠤᠴᠠᠳᠠᠢ ᠪᠦᠭᠡᠳ ᠭᠦᠨᠵᠡᠭᠡᠶ ᠪᠠᠶᠢᠵᠤ᠂ ᠠᠵᠢᠯ ᠤᠨ ᠪᠠᠶᠢᠷᠢᠯᠠᠭᠤᠯᠤᠯᠲᠠ ᠶᠢᠨ ᠭᠤᠤᠯᠳᠠᠯᠭ᠎ᠠ | ᠲᠣᠪᠤᠶᠢᠮ᠎ᠠ ᠪᠠᠶᠢᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠭᠰᠡᠨ᠂ ᠢᠲᠡᠭᠡᠯ ᠵᠣᠷᠢᠭ ᠢ ᠬᠥᠪᠴᠢᠯᠡᠭᠰᠡᠨ᠂ | ᠬᠥᠮᠦᠰ ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠢᠯᠡᠳᠭᠡᠯ ᠪᠣᠯᠵᠠᠶ᠂ ᠪᠢ ᠪᠦᠷᠢᠮᠦᠰᠦᠨ ᠵᠥᠪᠰᠢᠶᠡᠷᠡᠵᠦ | ᠪᠠᠶᠢᠨ᠎ᠠ᠃ ᠥᠩᠭᠡᠷᠡᠭᠰᠡᠨ ᠨᠢᠭᠡ ᠵᠢᠯ ᠳᠤ ᠭᠠᠳᠠᠭᠠᠳᠤ ᠳᠠᠷᠤᠯᠲᠠ ᠨᠡᠮᠡᠭᠳᠡᠵᠦ᠂ ᠳᠣᠲᠣᠭᠠᠳᠤ ᠶᠢᠨ ᠬᠦᠴᠢᠷᠳᠡᠯ | ᠨᠡᠮᠡᠭᠳᠡᠭᠰᠡᠨ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠳᠠᠭᠠᠭᠤᠯᠤᠨ ᠪᠦᠯᠬᠦᠮᠳᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠲᠠᠯ᠎ᠠ ᠪᠠᠷ ᠴᠢᠬᠤᠯᠠ ᠶᠡᠭᠡ ᠠᠬᠢᠴᠠ ᠲᠠᠢ | ᠪᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠠᠢ᠂ ᠡᠨᠡ ᠬᠦ ᠬᠢᠷᠢ ᠪᠦᠳᠦᠮᠵᠢ ᠨᠢ ᠬᠢᠯᠪᠠᠷ ᠪᠤᠰᠤ ᠪᠠᠷ ᠢᠷᠡᠭᠰᠡᠨ ᠶᠤᠮ᠃ ︽ᠬᠤᠶᠠᠷ ᠢ ᠲᠣᠭᠲᠠᠭᠠᠬᠰᠡᠨ︾ | ᠨᠢ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠰᠢᠢᠳᠪᠦᠷᠢᠯᠡᠭᠴᠢ ᠠᠴᠢ | ᠬᠤᠯᠪᠣᠭᠳᠠᠯ ᠲᠠᠢ ᠭᠡᠳᠡᠭ ᠢ ᠦᠢᠯᠡᠳᠦᠯᠭᠡ ᠭᠡᠷᠡᠴᠢᠯᠡᠪᠡ᠃ ᠡᠨᠡ ᠵᠢᠯ ᠤᠨ ᠠᠵᠢᠯ ᠳᠤ ᠬᠤᠶᠠᠷ ᠰᠠᠨᠠᠭᠤᠯᠭ᠎ᠠ | ᠳᠤᠷᠠᠳᠤᠶ᠎ᠠ᠄ ᠨᠢᠭᠡ ᠳᠤ᠂ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠲᠥᠷᠥ ᠶᠢᠨ | ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷᠲᠠᠶ ᠦᠨᠡᠯᠡᠨ ᠵᠢᠱᠢᠯᠲᠡ ᠶᠢ ᠴᠢᠩᠭᠠᠳᠬᠠᠵᠤ᠂ ᠲᠥᠷᠥ ᠶᠢᠨ | ᠪᠣᠳᠣᠯᠭ᠎ᠠ ᠶᠢᠨ ᠬᠠᠮᠵᠢᠯᠴᠠᠨ ᠬᠦᠴᠦᠯᠡᠬᠦ ᠶᠢ ᠠᠬᠢᠭᠤᠯᠵᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ | ᠵᠥᠷᠢᠴᠡᠯ ᠢ ᠬᠦᠴᠦᠯᠡᠨ ᠰᠢᠢᠳᠪᠦᠷᠢᠯᠡᠨ᠎ᠡ᠃ ᠬᠤᠶᠠᠷ ᠲᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠡᠴᠢᠯᠡᠵᠦ᠂ | ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ | ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ | ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ | ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠵᠡᠷᠭᠡ ᠬᠠᠤᠯᠢ ᠴᠠᠭᠠᠵᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠨ᠎ᠠ ᠭᠡᠵᠤ ᠬᠡᠯᠡᠪᠡ᠃ | ᠪᠦ᠋ ᠰᠢᠶᠤᠤ ᠯᠢᠨ ᠲᠥᠯᠥᠭᠡᠯᠡᠭᠴᠢ ᠠᠴᠠ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠠᠵᠢᠯ ᠤᠨ ᠢᠯᠡᠳᠭᠡᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠢᠴᠡᠳᠲᠤᠭᠤᠰᠢᠯᠠᠭᠤᠯᠵᠠᠢ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ ᠮᠠᠨ ᠤ ᠤᠯᠤᠰ | ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠶᠢ ᠲᠦᠷᠭᠡᠳᠭᠡᠵᠦ᠂ ᠪᠦᠬᠦ ᠪᠥᠮᠪᠥᠷᠴᠡᠭ ᠤᠨ | ᠬᠡᠪᠴᠢᠶ᠎ᠡ ᠪᠠᠷ ᠬᠠᠮᠤᠭ ᠤᠨ ᠶᠡᠭᠡ᠂ ᠬᠠᠮᠤᠭ ᠤᠨ ᠪᠦᠷᠢᠨ ᠪᠦᠲᠦᠨ ᠰᠢᠨ᠎ᠡ ᠡᠨᠧᠷᠭᠢ ᠶᠢᠨ ᠠᠵᠤ ᠦᠢᠯᠡᠰ ᠤᠨ | ᠬᠡᠯᠬᠢᠶ᠎ᠡ ᠶᠢ ᠪᠠᠶᠢᠭᠤᠯᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠲᠦᠪᠰᠢᠨ ᠤᠯᠠᠮ ᠨᠢᠭᠡ ᠠᠯᠬᠤᠮ | ᠳᠡᠭᠡᠭᠰᠢᠯᠡᠵᠦ᠂ ᠠᠭᠠᠷ ᠮᠠᠨᠳᠠᠯ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ︔ | ︽ᠤᠮᠠᠷᠠᠳᠤ ᠶᠢᠨ ᠭᠤᠷᠪᠡᠨ ᠤᠷᠤᠨ︾ ᠵᠡᠷᠭᠡ ᠠᠮᠢ ᠠᠬᠤᠶ ᠶᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ | ᠵᠢᠴᠢ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠭᠡᠷ ᠢ ᠨᠣᠭᠤᠭᠠᠷᠠᠭᠤᠯᠬᠤ ᠠᠵᠢᠯᠯᠠᠭ᠎ᠠ ᠪᠠᠷ ᠳᠠᠮᠵᠢᠨ ᠪᠥᠬᠦ | ᠪᠥᠮᠪᠥᠷᠴᠡᠭ ᠲᠤ ᠭᠠᠵᠠᠷ ᠰᠢᠷᠣᠶ ᠶᠢᠨ ᠮᠠᠭᠤᠳᠠᠯ ᠢ ︽ᠦᠯᠤ ᠨᠡᠮᠡᠭᠳᠡᠬᠦᠯᠬᠦ︾ ᠶᠢ ᠡᠩ ᠲᠡᠷᠢᠭᠦᠨ ᠳᠤ ᠪᠡᠶᠡᠯᠡᠭᠦᠯᠪᠡ᠃ | ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠳᠠᠬᠢ ᠠᠮᠵᠢᠯᠲᠠ ᠪᠦᠲᠦᠮᠵᠢ ᠨᠢ ᠬᠥᠮᠦᠰ ᠢ ᠵᠣᠷᠢᠭᠵᠢᠭᠤᠯᠵᠤ᠂ ︽ | ᠬᠤᠶᠠᠷ ᠢ ᠲᠣᠭᠲᠠᠭᠠᠬᠰᠡᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠢᠴᠡᠳ ᠭᠡᠷᠡᠴᠢᠯᠠᠵᠠᠢ ᠭᠡᠵᠤ | ᠬᠡᠯᠡᠪᠡ᠃ | ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠲᠠᠩ ᠴᠤᠤ᠂ ᠯᠢ ᠪᠢᠨ᠂ | ᠸᠠᠩ ᠸᠠᠩ ᠱᠧᠩ᠂ ᠭᠦᠸᠧ ᠢᠦᠢ ᠹᠧᠩ᠂ ᠴᠧᠨ ᠠᠢ ᠰᠢᠤᠸᠠᠢ᠂ ᠬᠦᠩ ᠮᠢᠩ ᠵᠦ᠂ ᠱᠢ ᠢᠦᠢ ᠳ᠋ᠦᠩ᠂ ᠮᠧᠩ | ᠳ᠋ᠠ ᠶᠢᠩ ᠵᠡᠷᠭᠡ ᠲᠥᠯᠥᠭᠡᠯᠡᠭᠴᠢ ᠬᠢᠨᠠᠨ ᠵᠥᠪᠯᠡᠬᠦ ᠦᠭᠡ ᠬᠡᠯᠡᠵᠦ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ | ᠪᠦᠷᠢᠮᠦᠰᠦᠨ ᠵᠥᠪᠰᠢᠶᠡᠷᠡᠵᠦ ᠪᠠᠶᠢᠬᠤ ᠪᠠᠨ ᠰᠠᠨᠠᠯ ᠨᠢᠭᠡᠲᠡᠢ ᠢᠯᠡᠳᠭᠡᠭᠰᠡᠨ ᠪᠥᠭᠡᠳ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠪᠠᠨ ᠶᠠᠷᠢᠪᠠ᠃ |