ᠠᠯᠠᠱᠠ ᠪᠠᠷᠠᠭᠤᠨ ᠬᠤᠰᠢᠭᠤ 2025 ᠣᠨ ᠤ ᠴᠠᠭᠠᠨ ᠨᠣᠣᠯᠣᠭᠤᠷ ᠤᠨ ᠢᠮᠠᠭᠠᠨ ᠤ ᠦᠢᠯᠡᠳᠪᠦᠷᠢᠯᠡᠯ ᠤᠨ ᠴᠢᠳᠠᠪᠬᠢ ᠶᠢ ᠰᠢᠯᠭᠠᠨ ᠲᠣᠭᠲᠠᠭᠠᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2025/3/7
    ᠴᠠᠭᠠᠨ ᠨᠣᠯᠣᠣᠷᠳᠣ ᠢᠮᠠᠭᠠᠨ ᠤ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠠᠬᠢᠭᠤᠯᠵᠤ᠂ ᠢᠮᠠᠭᠠᠨ ᠨᠣᠯᠤᠤᠷ ᠤᠨ ᠶᠠᠰᠤ ᠴᠢᠨᠠᠷ ᠪᠠ ᠨᠠᠷᠠᠲᠤ ᠲᠡᠮᠳᠡᠭᠲᠦ ᠶᠢᠨ ᠥᠷᠲᠡᠭ ᠢ ᠳᠡᠭᠡᠭᠰᠢᠯᠡᠭᠦᠯᠬᠦ ᠶᠢᠨ ᠲᠥᠯᠥᠭᠡ᠂ ᠠᠯᠠᠱᠠ ᠶᠢᠨ ᠴᠠᠭᠠᠨ ᠨᠣᠯᠣᠣᠷᠳᠣ ᠢᠮᠠᠭᠠᠨ ᠤ ᠦᠢᠯᠡᠳᠪᠦᠷᠢᠯᠡᠯ ᠤᠨ ᠴᠢᠳᠠᠮᠵᠢ ᠶᠢᠨ ᠬᠤᠪᠢᠷᠠᠯᠲᠠ ᠶᠢᠨ ᠪᠠᠶᠢᠳᠠᠯ ᠢ ᠰᠢᠰᠲ᠋ᠧᠮ ᠲᠠᠢ ᠡᠵᠡᠮᠰᠢᠪᠡ᠃ ᠣᠶᠢᠷ᠎ᠠ ᠳᠤ᠂ ᠠᠯᠠᠱᠠ ᠪᠠᠷᠠᠭᠤᠨ ᠬᠤᠰᠢᠭᠤ 2025 ᠣᠨ ᠤ ᠴᠠᠭᠠᠨ ᠨᠣᠣᠯᠣᠭᠤᠷ ᠤᠨ ᠢᠮᠠᠭᠠᠨ ᠤ ᠦᠢᠯᠡᠳᠪᠦᠷᠢᠯᠡᠯ ᠤᠨ ᠴᠢᠳᠠᠪᠬᠢ ᠶᠢ ᠰᠢᠯᠭᠠᠨ ᠲᠣᠭᠲᠠᠭᠠᠬᠤ ᠠᠵᠢᠯ ᠢ ᠡᠬᠢᠯᠡᠭᠦᠯᠪᠡ᠃
1.jpg
    ᠠᠯᠠᠱᠠ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠲᠤ᠂ ᠠᠵᠢᠯᠲᠠᠳ ᠡᠭᠦᠯᠳᠡᠷ ᠪᠤᠶᠢᠵᠢᠭᠤᠯᠬᠤ ᠭᠤᠤᠯ ᠰᠦᠷᠦᠭ ᠤᠨ ᠬᠤᠨᠢᠨ ᠤ ᠨᠣᠣᠰᠣ ᠶᠢ ᠴᠤᠭᠯᠠᠭᠤᠯᠤᠨ ᠨᠣᠣᠰᠣ ᠨᠣᠣᠯᠣᠭᠤᠷ ᠢ ᠰᠠᠯᠭᠠᠬᠤ ᠶᠢᠨ ᠬᠠᠮᠲᠤ ᠨᠠᠷᠢᠯᠢᠭ ᠤᠨ ᠬᠡᠮᠵᠢᠶ᠎ᠡ᠂ ᠤᠷᠲᠤ ᠶᠢᠨ ᠬᠡᠮᠵᠢᠶ᠎ᠡ ᠪᠠᠷ ᠱᠠᠲᠤ ᠬᠤᠪᠢᠶᠠᠨ ᠪᠠᠶᠢᠴᠠᠭᠠᠨ ᠰᠢᠯᠭᠠᠨ᠎ᠠ᠃
2.jpg
    ᠠᠯᠠᠱᠠ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠮᠠᠯ ᠠᠵᠤ ᠠᠬᠤᠶ ᠶᠢᠨ ᠲᠠᠰᠤᠭ ᠤᠨ ᠳᠠᠷᠤᠭ᠎ᠠ ᠹᠠᠨ ᠬᠤᠢ ᠬᠡᠯᠡᠭᠰᠡᠨ ᠨᠢ᠄ ︽ᠣᠶᠢᠷ᠎ᠠ ᠶᠢᠨ ᠬᠤᠭᠤᠴᠠᠭᠠᠨ ᠳᠤ᠂ ᠪᠢᠳᠡ ᠨᠣᠤᠰᠣ ᠨᠣᠯᠤᠤᠷ ᠤᠨ ᠦᠯᠢᠭᠡᠷ ᠬᠡᠪ ᠠᠪᠬᠤ᠂ ᠴᠢᠬᠢᠨ ᠳᠤ  ᠲᠡᠮᠳᠡᠭ ᠲᠠᠯᠪᠢᠬᠤ᠂  ᠡᠯᠧᠺᠲᠷᠦᠨ ᠴᠢᠬᠢᠨ ᠲᠡᠮᠳᠡᠭ ᠢ ᠰᠢᠷᠪᠢᠬᠦ᠂ ᠳᠠᠩᠰᠠᠯᠠᠨ ᠨᠣᠮᠧᠷᠯᠠᠬᠤ  ᠵᠡᠷᠭᠡ ᠴᠤᠭᠯᠠᠭᠤᠯᠬᠤ ᠠᠵᠢᠯ ᠢ ᠨᠢᠭᠡᠨᠲᠡ ᠪᠡᠶᠡᠯᠡᠭᠦᠯᠪᠡ᠃ 3 ᠰᠠᠷ᠎ᠠ ᠶᠢᠨ 4 ᠤ ᠡᠳᠦᠷ ᠪᠣᠯᠲᠠᠯ᠎ᠠ᠂ ᠨᠣᠯᠤᠤᠷ ᠤᠨ ᠥᠯᠢᠭᠡᠷ ᠡᠳ᠋ ᠢ ᠨᠡᠶᠢᠲᠡ 2695 ᠬᠤᠪᠢ ᠴᠤᠭᠯᠠᠭᠤᠯᠵᠤ᠂ ᠣᠲᠣ ᠨᠢᠭᠡᠨᠲᠡ ᠪᠦᠬᠦᠨ ᠢ ᠢᠯᠭᠠᠵᠤ ᠳᠠᠭᠤᠰᠬᠠᠪᠠ᠃
3.jpg
    ᠨᠣᠯᠤᠤᠷ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠵᠢᠯ ᠪᠦᠷᠢ ᠨᠢᠭᠡ ᠤᠳᠠᠭ᠎ᠠ ᠨᠣᠯᠤᠤᠷ ᠤᠨ ᠶᠠᠩᠵᠤ ᠠᠪᠬᠤ᠂ ᠢᠯᠭᠠᠬᠤ ᠨᠣᠯᠤᠤᠷ ᠤᠨ ᠦᠯᠢᠭᠡᠷ ᠢᠯᠭᠠᠬᠤ᠂ ᠨᠠᠷᠢᠯᠢᠭ ᠤᠨ ᠬᠡᠮᠵᠢᠶ᠎ᠡ ᠶᠢ ᠪᠠᠶᠢᠴᠠᠭᠠᠨ ᠬᠡᠮᠵᠢᠬᠦ ᠭᠤᠷᠪᠠᠨ ᠵᠠᠩᠭᠢᠯᠠᠭ᠎ᠠ ᠶᠢᠨ ᠪᠠᠶᠢᠴᠠᠭᠠᠨ ᠬᠡᠮᠵᠢᠬᠦ ᠦᠨᠡᠯᠡᠨ ᠵᠢᠱᠢᠯᠲᠡ ᠬᠢᠪᠠ᠃ ᠲᠣᠰ ᠠᠵᠢᠯ ᠢ ᠥᠷᠨᠢᠭᠦᠯᠦᠭᠰᠡᠨ ᠨᠢ ᠠᠯᠠᠱᠠ ᠶᠢᠨ ᠴᠠᠭᠠᠨ ᠨᠣᠯᠣᠣᠷᠳᠣ ᠢᠮᠠᠭᠠᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠴᠠᠭᠠᠨ ᠨᠣᠯᠣᠣᠷᠳᠣ ᠢᠮᠠᠭᠠᠨ ᠤ ᠡᠭᠦᠯᠳᠡᠷ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
4.jpg
    ᠠᠯᠠᠱᠠ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠳ᠋ ᠡᠷᠬᠢᠯᠡᠭᠴᠢ  ᠳᠦᠨᠳᠦᠪ᠄ ︽ᠪᠢᠳᠡ ᠨᠣᠯᠤᠤᠷ ᠠᠪᠬᠤ ᠳᠤᠭᠤᠶᠢᠯᠠᠩ᠂ ᠨᠣᠯᠤᠤᠷ ᠰᠢᠯᠭᠠᠬᠤ ᠳᠤᠭᠤᠶᠢᠯᠠᠩ᠂ ᠪᠡᠯᠡᠳᠬᠡᠯ ᠳᠤᠭᠤᠶᠢᠯᠠᠩ ᠵᠡᠷᠭᠡ 3 ᠠᠵᠢᠯᠯᠠᠬᠤ ᠳᠤᠭᠤᠶᠢᠯᠠᠩ ᠪᠠᠶᠢᠭᠤᠯᠵᠤ᠂ ᠬᠡᠮᠵᠢᠨ ᠲᠣᠭᠲᠠᠭᠠᠬᠤ ᠠᠷᠭ᠎ᠠ ᠶᠢᠨ ᠶᠠᠪᠤᠴᠠ᠂ ᠲᠠᠩᠰᠠ ᠡᠪᠬᠡᠮᠡᠯ ᠤᠨ ᠲᠡᠮᠳᠡᠭᠯᠡᠯ ᠤᠨ ᠪᠠᠷᠢᠮᠵᠢᠶ᠎ᠠ᠂ ᠨᠣᠯᠤᠤᠷ ᠤᠨ ᠥᠯᠢᠭᠡᠷ ᠠᠪᠬᠤ ᠬᠡᠰᠡᠭ᠂ ᠭᠤᠤᠯ ᠡᠭᠦᠷᠭᠡ ᠵᠡᠷᠭᠡ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠠᠵᠢᠯ ᠤᠨ ᠬᠤᠪᠢᠶᠠᠷᠢᠯᠠᠯ ᠲᠣᠳᠣᠷᠬᠠᠶ᠂ ᠱᠠᠭᠠᠷᠳᠠᠯᠭ᠎ᠠ ᠴᠢᠩᠭ᠎ᠠ ᠪᠠᠶᠢᠵᠤ᠂ ᠲᠣᠰ ᠠᠵᠢᠯ ᠤᠨ ᠴᠢᠨᠠᠷ ᠰᠠᠶᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠪᠠ︾ ᠭᠡᠵᠦ ᠬᠡᠯᠡᠪᠡ᠃                        
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号