ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠪᠠᠲᠤ ᠰᠠᠬᠢᠵᠤ᠂ | ᠣᠯᠠᠨ ᠲᠦᠮᠡᠨ ᠤ ︽ᠭᠦᠴᠢᠷᠳᠡᠵᠦ ᠵᠣᠪᠠᠭ᠋ᠤ︾ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠮᠠᠨᠳᠤᠯ | ᠰᠤᠮᠤ ︽ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠲᠦᠷᠭᠡᠨ ᠳᠠᠭᠠᠬᠤ᠂ ᠨᠠᠷᠢᠯᠢᠭ ᠣᠨᠤᠪᠴᠢᠲᠠᠢ ᠪᠠᠷ ᠠᠪᠤᠷᠠᠨ | ᠲᠤᠰᠠᠯᠠᠬᠤ︾ ᠵᠠᠷᠴᠢᠮ ᠢ ᠪᠠᠷᠢᠮᠲᠠᠯᠠᠨ᠂ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠴᠢ ᠭᠠᠴᠠᠭᠠᠨ ᠤ ᠺᠠᠳ᠋ᠷ ᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠬᠦᠨᠳᠦ | ᠡᠪᠡᠳᠴᠢᠳᠡᠨ᠂ ᠬᠦᠨᠳᠦ ᠡᠪᠡᠳᠴᠢᠨ ᠲᠠᠢ ᠬᠡᠷ ᠪᠦᠯᠢ ᠶᠢᠨ ᠡᠷᠦᠬᠡ ᠳᠤ ᠬᠦᠷᠴᠦ ᠰᠤᠷᠪᠤᠯᠵᠢᠯᠠᠨ ᠵᠢᠭᠰᠠᠭᠠᠨ | ᠪᠠᠶᠢᠴᠠᠭᠠᠵᠤ᠂ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠶ ᠪᠠᠷ ᠡᠵᠡᠮᠰᠢᠵᠦ᠂ ᠲᠦᠷ ᠴᠠᠭ ᠤᠨ | ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ᠂ ᠨᠠᠮ ᠪᠠ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠳᠠᠮᠵᠢᠭᠤᠯᠪᠠ᠃ | | | | | | ᠮᠠᠨᠳᠤᠯ ᠰᠤᠮᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠢᠶᠠᠷ ᠳᠠᠮᠵᠢᠭᠤᠯᠤᠨ ᠣᠨ ᠤ ᠬᠦᠨᠳᠦ | ᠡᠪᠡᠳᠴᠢᠨ ᠤ ᠡᠮᠴᠢᠯᠡᠭᠡᠨ ᠤ ᠵᠠᠷᠤᠳᠠᠯ ᠤᠨ ᠨᠠᠷᠢᠨ ᠬᠠᠭᠤᠳᠠᠰᠤ ᠶᠢ ᠰᠢᠯᠵᠢᠭᠦᠯᠦᠨ ᠠᠪᠴᠤ᠂ ᠥᠪᠡᠷ ᠢᠶᠠᠨ ᠵᠠᠷᠣᠬᠤ | ᠵᠠᠷᠤᠳᠠᠯ ᠨᠢ ᠲᠦᠮᠡᠨ ᠲᠥᠭᠦᠷᠢᠭ ᠠᠴᠠ ᠳᠠᠪᠠᠭᠰᠠᠨ ᠬᠡᠷ ᠪᠦᠯᠢ ᠶᠢ ᠰᠢᠭᠰᠢᠨ ᠰᠣᠩᠭᠤᠵᠤ᠂ ᠳᠠᠬᠢᠨ | ᠭᠠᠴᠠᠭ᠎ᠠ ᠲᠠᠢ ᠪᠠᠨ ᠤᠶᠠᠯᠳᠤᠭᠤᠯᠤᠨ ︽ᠬᠦᠨᠳᠦ ᠡᠪᠡᠳᠴᠢᠨ ᠤ ᠬᠡᠷ ᠪᠦᠯᠢ ᠶᠢᠨ ᠬᠥᠳᠡᠯᠦᠩᠭᠦᠶ ᠡᠬᠡ ᠲᠠᠩᠰᠠ︾ ᠶᠢ | ᠪᠠᠶᠢᠭᠤᠯᠵᠤ᠂ 4 ᠬᠦᠴᠢᠷᠳᠡᠯᠲᠡᠶ ᠬᠡᠷ ᠪᠦᠯᠢ ᠶᠢ ᠲᠣᠭᠲᠠᠭᠠᠪᠠ᠃ ᠡᠷᠦᠬᠡ ᠳᠤ ᠣᠷᠣᠵᠤ ᠰᠤᠷᠪᠤᠯᠵᠢᠯᠠᠬᠤ | ᠶᠠᠪᠤᠴᠠ ᠳᠤ ᠠᠵᠢᠯᠲᠠᠳ ᠡᠮᠨᠡᠯᠭᠡ ᠳᠤ ᠰᠠᠭᠤᠭᠰᠠᠨ ᠪᠠᠷᠢᠮᠲᠠ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ | ᠲᠠᠶᠢᠯᠬᠤ ᠪᠠᠷᠢᠮᠲᠠ ᠶᠢᠨ ᠪᠠᠷᠢᠮᠲᠠ᠂ ᠬᠦᠨᠳᠦ ᠡᠪᠡᠳᠴᠢᠨ ᠤ ᠡᠪᠡᠳᠴᠢᠲᠡᠨ ᠤ ᠥᠪᠡᠰᠦᠪᠡᠨ ᠳᠥᠯᠥᠬᠦ ᠵᠠᠷᠤᠳᠠᠯ ᠤᠨ | ᠵᠠᠷᠤᠯᠭ᠎ᠠ ᠶᠢ ᠲᠣᠭᠠᠴᠠᠭ᠎ᠠ ᠬᠢᠵᠦ᠂ ᠬᠥᠳᠡᠯᠮᠦᠷᠢ ᠬᠦᠴᠦᠨ ᠤ ᠪᠠᠶᠢᠳᠠᠯ᠂ ᠬᠥᠯᠥᠰᠥᠨ ᠠᠵᠢᠯᠴᠢᠨ ᠤ ᠣᠷᠣᠯᠭ᠎ᠠ᠂ | ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠵᠢᠴᠢ ᠣᠷᠣᠨ ᠰᠠᠭᠤᠴᠠ ᠶᠢᠨ ᠠᠮᠤᠷ ᠲᠦᠪᠰᠢᠨ᠂ ᠦᠷ᠎ᠡ | ᠬᠡᠤᠬᠡᠳ ᠤᠨ ᠰᠤᠷᠭᠠᠭᠤᠯᠢ ᠳᠤ ᠣᠷᠣᠬᠤ᠂ ᠠᠰᠠᠷᠠᠨ ᠬᠠᠷᠠᠭᠠᠯᠵᠠᠬᠤ ᠵᠡᠷᠭᠡ ᠪᠣᠳᠠᠲᠤ ᠪᠠᠶᠢᠳᠠᠯ ᠢ ᠣᠶᠢᠯᠠᠭᠠᠪᠠ᠃ | | | | | | ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠷᠢᠯᠢᠭ ᠤᠨᠤᠪᠴᠢᠲᠠᠢ ᠪᠠᠷ ᠬᠦᠴᠦᠯᠡᠬᠦ ᠪᠠᠷ | ᠳᠠᠮᠵᠢᠭᠤᠯᠤᠨ᠂ ᠮᠠᠨᠳᠤᠯ ᠰᠤᠮᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠦᠨᠡᠨ ᠬᠦ ᠨᠢᠭᠲᠠ | ᠪᠠᠬᠢᠵᠢᠭᠦᠯᠵᠦ᠂ ᠬᠦᠴᠢᠷᠳᠡᠯᠲᠡᠶ ᠣᠯᠠᠨ ᠲᠦᠮᠡᠨ ᠳᠤ ︽ᠳᠠᠭᠠᠷᠠᠭᠰᠠᠨ ᠬᠥᠮᠦᠨ ᠳᠤ ᠳᠠᠬᠤ ᠬᠦᠷᠭᠡᠬᠦ︾ ᠬᠠᠶᠢᠷ᠎ᠠ | ᠬᠠᠯᠠᠮᠵᠢ ᠶᠢ ᠮᠡᠳᠡᠷᠡᠭᠦᠯᠪᠡ᠃ | | | | | | | | | | | | |