4 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠢᠶᠠᠩ ᠪᠢᠩ ᠵᠢᠶᠧ ᠪᠥᠬᠦ ᠬᠤᠰᠢᠭᠤᠨ ᠤ ᠬᠡᠰᠡᠭ ᠠᠭᠤᠷᠬᠠᠶ ᠶᠢᠨ ᠠᠵᠤ ᠠᠬᠤᠶᠢᠯᠠᠯ ᠳᠤ ᠭᠦᠨᠵᠡᠭᠡᠶᠢᠷᠡᠵᠦ᠂ | ᠠᠶᠤᠯᠭᠦᠶ ᠦᠢᠯᠡᠳᠪᠦᠷᠢᠯᠡᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠣᠶ ᠰᠢᠭᠤᠶ ᠡᠪᠡᠰᠦ | ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃ | ᠽᠠᠩ ᠪᠤᠣ ᠲᠠᠢ ︵藏布台 ︶ ᠶᠢᠨ ᠴᠠᠬᠢᠭᠤᠷ ᠴᠢᠯᠠᠭᠤᠨ ᠤ ᠠᠭᠤᠷᠬᠠᠶ᠂ ᠾᠧᠢ ᠭᠧᠤ ᠱᠦᠢᠨᠢ ᠳᠤ | ᠬᠡᠷᠡᠭᠯᠡᠬᠦ ᠴᠣᠬᠤᠢ ᠶᠢᠨ ᠴᠢᠯᠠᠭᠤᠯᠢᠭ ᠤᠨ ᠠᠭᠤᠷᠬᠠᠶ ᠳᠤ ᠵᠢᠶᠠᠩ ᠪᠢᠩ ᠵᠢᠶᠧ ᠣᠶ ᠰᠢᠭᠤᠶ ᠡᠪᠡᠰᠦ ᠪᠡᠯᠴᠢᠭᠡᠷ ᠢ | ᠰᠦᠢᠳᠬᠡᠭᠰᠡᠨ ᠠᠰᠠᠭᠤᠳᠠᠯ ᠢ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠥᠬᠦᠶ | ᠬᠡᠷᠡᠭ ᠢ ᠰᠢᠢᠳᠪᠦᠷᠢᠯᠡᠬᠦ ᠠᠵᠢᠯ ᠢ ᠲᠤᠬᠠᠶ ᠶᠢᠨ ᠭᠠᠵᠠᠷ ᠲᠤᠨᠢ ᠰᠢᠮᠳᠠᠭᠤᠯᠤᠨ ᠵᠢᠯᠣᠭᠤᠳᠪᠠ᠃ ᠲᠡᠷᠡ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠤᠢ ᠰᠢᠭᠤᠢ | ᠡᠪᠡᠰᠦ ᠪᠡᠯᠴᠢᠭᠡᠷ ᠢ ᠰᠦᠢᠳᠬᠡᠭᠰᠡᠨ ᠲᠥᠰᠦᠯ ᠢ ᠵᠥᠪᠳᠡᠯᠴᠡᠨ ᠰᠤᠳᠤᠯᠤᠨ ᠮᠠᠭᠠᠳᠯᠠᠬᠤ ᠵᠢᠴᠢ ᠬᠠᠷᠭᠤᠭᠤᠯᠤᠨ | ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠬᠦᠯᠵᠦ᠂ ᠠᠰᠠᠭᠤᠳᠠᠯ ᠲᠠᠢ ᠭᠠᠵᠠᠷ ᠢ | ᠨᠢᠭᠡᠳ ᠨᠢᠭᠡ ᠪᠠᠷ ᠬᠠᠷᠭᠤᠭᠤᠯᠵᠤ᠂ ᠬᠠᠤᠯᠢ ᠲᠣᠭᠲᠠᠭᠠᠯ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠵᠦ᠂ | ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠴᠡᠭᠴᠡᠯᠡᠨ ᠵᠠᠰᠠᠵᠤ᠂ ᠤᠢ ᠰᠢᠭᠤᠢ ᠡᠪᠡᠰᠦ ᠪᠡᠯᠴᠢᠭᠡᠷ ᠢ | ᠰᠦᠢᠳᠬᠡᠭᠰᠡᠨ ᠠᠰᠠᠭᠤᠳᠠᠯ ᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠲᠦᠢᠯᠪᠤᠷᠢᠲᠠᠢ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠩ ᠱᠠᠨ ᠵᠡᠰ ᠠᠯᠳᠠᠨ ᠤ ᠠᠭᠤᠷᠬᠠᠢ᠂ ᠭᠠᠰᠢᠭᠤᠨ ᠲᠠᠲᠠᠯ᠎ᠠ ᠲᠡᠮᠦᠷ ᠤᠨ ᠠᠭᠤᠷᠬᠠᠢ ᠳᠤ᠂ ᠵᠢᠶᠠᠩ ᠪᠢᠩ | ᠵᠢᠶᠧ ᠠᠵᠤ ᠠᠬᠤᠶᠢᠯᠠᠯ ᠤᠨ ᠲᠥᠪ ᠡᠵᠡᠮᠰᠢᠯ ᠤᠨ ᠲᠠᠰᠤᠭ᠂ ᠬᠦᠳᠡᠷ ᠰᠣᠩᠭᠤᠬᠤ ᠦᠢᠯᠡᠳᠪᠦᠷᠢ᠂ ᠦᠯᠡᠳᠡᠭᠳᠡᠯ | ᠬᠦᠳᠡᠷ ᠤᠨ ᠬᠥᠮᠥᠷᠭᠡ ᠵᠡᠷᠭᠡ ᠲᠤᠬᠠᠢ ᠶᠢᠨ ᠲᠠᠯᠠᠪᠠᠢ ᠶᠢ ᠪᠠᠶᠢᠴᠠᠭᠠᠨ ᠦᠵᠡᠵᠦ᠂ ᠠᠶᠤᠯᠭᠦᠢ ᠦᠢᠯᠡᠳᠪᠦᠷᠢᠯᠡᠯ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ | ᠬᠢᠨᠠᠮᠠᠭᠠᠢ ᠪᠠᠶᠢᠴᠠᠭᠠᠪᠠ᠃ ᠲᠡᠷᠡ᠂ ᠠᠵᠤ ᠠᠬᠤᠶᠢᠯᠠᠯ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠪᠣᠯᠪᠠᠰᠤᠷᠠᠯ ᠤᠨ ᠬᠠᠮᠢᠶᠠᠷᠤᠯᠲᠠ᠂ ᠠᠶᠤᠯ ᠲᠦᠭᠰᠢᠭᠦᠷᠢ ᠶᠢᠨ | ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠦᠢᠯᠡᠳᠪᠦᠷᠢ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ᠂ | ᠦᠯᠡᠳᠡᠭᠳᠡᠯ ᠬᠦᠳᠡᠷ ᠤᠨ ᠬᠥᠮᠥᠷᠭᠡ ᠶᠢ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ ᠶᠢᠨ ᠳᠤᠲᠠᠭᠤᠳᠠᠯ ᠪᠠᠭᠤᠷᠠᠢ | ᠵᠦᠢᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠡᠷᠡᠭᠦᠯ ᠢᠶᠠᠷ ᠦᠷᠭᠦᠯᠵᠢᠯᠡᠨ ᠬᠥᠭᠵᠢᠬᠦ ᠳᠤ ᠪᠠᠲᠤ ᠰᠠᠭᠤᠷᠢ | ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠡᠳᠦᠭᠡᠷ ᠹᠷᠣᠨᠲ ᠲᠤ | ᠪᠠᠶᠢᠩᠭᠤᠵᠢᠭᠤᠯᠤᠨ ᠬᠢᠨᠠᠯᠲᠠ ᠲᠠᠯᠪᠢᠨ ᠵᠢᠯᠣᠭᠤᠳᠴᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ | ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠣᠰᠢᠭᠣ ᠳᠠᠷᠤᠭ᠎ᠠ ᠸᠠᠩ ᠬᠤᠩ ᠵᠢᠶ | ᠬᠢᠨᠠᠨ ᠵᠢᠯᠣᠭᠤᠳᠴᠤ ᠪᠠᠶᠢᠴᠠᠭᠠᠬᠤ ᠳᠤ ᠣᠷᠣᠯᠴᠠᠪᠠ᠃ | | | | | | | |