4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠢᠶᠠᠩ ᠪᠢᠩ ᠵᠢᠶᠧ ᠮᠠᠨᠳᠤᠯ ᠰᠤᠮᠤᠨ ᠳᠤ ᠭᠦᠨᠵᠡᠭᠡᠶᠢᠷᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ | ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃ | ᠪᠠᠳᠠᠢ ᠶᠢᠨ ᠵᠢᠷᠠᠨ ᠡᠯᠡᠰᠦᠨ ᠤ ᠵᠡᠭᠦᠨ ᠡᠮᠦᠨ᠎ᠡ ᠵᠠᠬ᠎ᠠ ᠪᠣᠯᠣᠨ ᠲᠩᠷᠢ ᠡᠯᠡᠰᠦᠨ ᠤ ᠠᠭᠤᠯᠵᠠᠷ ᠤᠨ ᠬᠢᠯᠢ ᠵᠠᠬ᠎ᠠ | ᠶᠢ ᠪᠢᠲᠡᠭᠦᠮᠵᠢᠯᠡᠭᠦ ᠤᠢ ᠡᠪᠡᠰᠦᠨ ᠤ ᠪᠦᠰᠡ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠷᠣᠨ ᠳᠤ᠂ | ᠵᠢᠶᠠᠩ ᠪᠢᠩ ᠵᠢᠶᠧ ᠡᠯᠡᠰᠦ ᠶᠢ ᠵᠠᠰᠠᠬᠤ ᠬᠦᠷᠢᠶ᠎ᠡ ᠬᠡᠪᠴᠢᠶ᠎ᠡ᠂ ᠴᠢᠬᠢ ᠮᠣᠳᠣ ᠶᠢ ᠰᠣᠩᠭᠤᠬᠤ᠂ ᠬᠥᠷᠥᠰᠥ | ᠰᠢᠷᠣᠢ ᠶᠢᠨ ᠨᠥᠬᠦᠴᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠦᠷᠦᠯ ᠵᠦᠢᠯ ᠤᠨ ᠣᠷᠣᠨ ᠤ ᠪᠣᠳᠠᠲᠤ | ᠪᠠᠶᠢᠳᠠᠯ ᠲᠠᠢ ᠨᠢᠭᠲᠠ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠷᠭᠤᠮᠠᠯ ᠤᠨ | ᠬᠤᠴᠢᠯᠭ᠎ᠠ ᠶᠢᠨ ᠲᠦᠷᠦᠯ ᠵᠦᠢᠯ ᠪᠣᠯᠤᠨ ᠡᠯᠡᠰᠦ ᠶᠢ ᠵᠠᠰᠠᠬᠤ ᠠᠷᠭ᠎ᠠ ᠬᠡᠯᠪᠡᠷᠢ ᠶᠢ ᠰᠢᠨᠵᠢᠯᠡᠬᠦ ᠤᠬᠠᠭᠠᠨᠴᠢ ᠪᠠᠷ | ᠰᠣᠩᠭᠤᠵᠤ᠂ ᠲᠣᠭᠲᠠᠭᠰᠠᠨ ᠬᠠᠷᠠᠯᠲᠠ ᠶᠣᠰᠣᠭᠠᠷ ᠢᠨᠵᠧᠨᠧᠷᠢᠩ ᠤᠨ ᠪᠠᠷᠢᠯᠭ᠎ᠠ᠂ ᠡᠯᠧᠮᠧᠨ᠋ᠲ ᠤᠨ ᠪᠠᠲᠤᠯᠠᠭ᠎ᠠ᠂ | ᠠᠶᠤᠯᠭᠦᠢ ᠦᠢᠯᠡᠳᠪᠦᠷᠢᠯᠡᠯ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠡᠯ᠎ᠡ ᠵᠦᠢᠯ ᠤᠨ | ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠨᠢᠭᠡ ᠲᠠᠯ᠎ᠠ ᠪᠠᠷ ᠡᠯᠡᠰᠦ ᠶᠢ ᠵᠠᠰᠠᠬᠤ᠂ | ᠨᠢᠭᠡ ᠲᠠᠯ᠎ᠠ ᠪᠠᠷ ᠡᠪᠳᠡᠬᠦ︾ ᠵᠡᠷᠭᠡ ᠠᠵᠢᠯᠯᠠᠭ᠎ᠠ ᠶᠢ ᠡᠷᠡᠰ ᠬᠤᠷᠢᠭᠯᠠᠵᠤ᠂ ᠪᠦᠬᠦ ᠬᠤᠰᠢᠭᠤᠨ ᠤ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠮᠠᠨᠳᠤᠯ ᠰᠤᠮᠤᠨ ᠤ ᠱᠠᠯᠠ ᠶᠢᠨ ᠬᠤᠳᠳᠤᠭ ᠭᠠᠴᠠᠭᠠᠨ ᠤ ᠲᠠᠷᠢᠶᠠᠯᠠᠩ ᠤᠨ ᠴᠡᠭ ᠲᠤ᠂ ᠵᠢᠶᠠᠩ ᠪᠢᠩ ᠵᠢᠶᠧ | ᠲᠠᠷᠢᠶᠠᠨ ᠭᠠᠵᠠᠷ ᠲᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠤᠰᠤᠨ ᠰᠤᠷᠪᠤᠯᠵᠢ ᠶᠢᠨ ᠤᠰᠤᠯᠠᠯᠲᠠ᠂ ᠦᠷ᠎ᠡ ᠴᠢᠬᠢ ᠶᠢᠨ ᠬᠠᠩᠭᠠᠯᠭ᠎ᠠ᠂ ᠲᠠᠷᠢᠶᠠᠯᠠᠩ ᠤᠨ ᠮᠠᠰᠢᠨ ᠤ | ᠪᠡᠯᠡᠳᠬᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠥᠷᠥᠰᠥ ᠰᠢᠷᠣᠢ ᠶᠢᠨ ᠨᠥᠬᠦᠴᠡᠯ᠂ ᠠᠭᠤᠷ | ᠠᠮᠢᠰᠬᠤᠯ ᠤᠨ ᠣᠨᠴᠠᠯᠢᠭ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠲᠠᠷᠢᠶᠠᠯᠠᠬᠤ ᠴᠠᠭ ᠢ ᠠᠮᠵᠢᠨ | ᠬᠠᠪᠤᠷ ᠤᠨ ᠲᠠᠷᠢᠶᠠᠯᠠᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠢᠯᠠᠩᠭᠤᠶ᠎ᠠ ᠤᠳᠤ ᠪᠠᠶᠢᠭ᠎ᠠ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠮᠡᠷᠭᠡᠵᠢᠯ ᠤᠨ | ᠵᠢᠯᠤᠭᠤᠳᠤᠯᠭ᠎ᠠ ᠶᠢᠨ ᠦᠢᠯᠡᠴᠢᠯᠡᠭᠡ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ | ᠪᠠᠲᠤᠯᠠᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ | ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠬᠦ ᠵᠢᠯ ᠤᠨ | ᠲᠠᠷᠢᠶᠠᠯᠠᠩ ᠤᠨ ᠡᠯᠪᠡᠭ ᠬᠤᠷᠢᠶᠠᠯᠲᠠ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠡᠨᠡ ᠬᠤᠭᠤᠴᠠᠭᠠᠨ ᠳᠤ᠂ ᠵᠢᠶᠠᠩ ᠪᠢᠩ ᠵᠢᠶᠧ ᠪᠠᠰᠠ ᠰᠤᠮᠤᠨ ᠤ ᠲᠡᠮᠡᠭᠡᠨ ᠤ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠣᠲᠣ ᠶᠢᠨ ᠪᠠᠶᠢᠭ᠎ᠠ ᠪᠠᠷᠢᠮᠵᠢᠶᠠᠵᠢᠭᠤᠯᠤᠭᠰᠠᠨ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠢ ᠢᠳᠡᠪᠬᠢᠲᠡᠶ ᠪᠠᠷ ᠠᠮᠢᠳᠤᠯᠢᠭᠵᠢᠭᠤᠯᠤᠨ ᠥᠭᠡᠷᠡᠴᠢᠯᠡᠵᠦ᠂ ᠲᠡᠮᠡᠭᠡᠨ ᠤ ᠰᠦ | ᠰᠠᠭᠠᠬᠤ᠂ ᠪᠣᠷᠳᠣᠵᠤ ᠲᠠᠷᠭᠤᠯᠠᠭᠤᠯᠬᠤ ᠵᠡᠷᠭᠡ ᠬᠥᠭᠵᠢᠯᠲᠡ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠵᠤ | ᠂ ᠠᠮᠢ ᠠᠬᠤᠶ ᠶᠢᠨ ᠳᠠᠭᠠᠭᠠᠴᠠ ᠶᠢᠨ ᠬᠡᠪᠴᠢᠶᠡᠨ ᠳᠤ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ ᠦᠷ᠎ᠡ | ᠠᠰᠢᠭ ᠢ ᠭᠦᠢᠴᠡᠳ ᠪᠠᠳᠠᠷᠠᠭᠤᠯᠬᠤ ᠶᠢ ᠪᠠᠷᠢᠮᠲᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | |