ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠪᠥᠬᠦ ᠠᠷᠠᠳ ᠤᠨ | ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ | ᠠᠯᠠᠱᠠ ᠪᠠᠷᠠᠭᠤᠨ ᠬᠣᠰᠢᠭᠤᠨ ᠤ ᠪᠠᠳᠠᠢ ᠶᠢᠨ ᠵᠢᠷᠠᠨ ᠪᠠᠯᠭᠠᠰᠤᠨ ᠳᠤ ︽ᠪᠥᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ︾ ᠭᠡᠬᠦ ᠭᠠᠷᠴᠠᠭ ᠢᠶᠠᠷ ᠭᠤᠤᠯ ᠰᠡᠳᠦᠪ | ᠪᠣᠯᠭᠠᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠣᠯᠠᠨ ᠶᠠᠩᠵᠤ ᠶᠢᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠰᠢᠭᠤᠨ ᠤ ᠤᠯᠠᠭᠠᠨᠮᠥ᠋ᠴᠢᠷ ᠡᠴᠡ ᠭᠤᠶᠢᠳᠠ ᠰᠠᠶᠢᠬᠠᠨ ᠤᠷᠠᠨ | ᠰᠠᠶᠢᠬᠠᠨ ᠤ ᠲᠣᠭᠯᠠᠯᠲᠠ ᠭᠠᠷᠭᠠᠬᠤ ᠪᠠᠷ ᠳᠠᠮᠵᠢᠭᠤᠯᠤᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠢ ᠤᠬᠠᠭᠤᠯᠵᠤ᠂ ᠦᠵᠡᠭᠴᠢᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠮᠡᠳᠡᠯᠭᠡ ᠪᠠ ᠪᠠᠶᠠᠷ ᠪᠠᠭ᠋ᠠᠳᠤᠯ ᠢ ᠬᠦᠷᠲᠡᠭᠡᠪᠡ᠃ ᠡᠯ᠎ᠡ ᠰᠠᠯᠠᠭ᠎ᠠ ᠮᠥᠴᠢᠷ ᠤᠨ ᠠᠵᠢᠯᠲᠠᠳ | ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠡᠶᠢᠭᠡᠮ ᠨᠡᠶᠢᠲᠡ ᠳᠤ ︽ᠤᠯᠤᠰ ᠤᠨ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ | ᠡᠰᠡᠷᠭᠦᠴᠡᠬᠦ ᠬᠠᠤᠯᠢ︾᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ᠂ ᠴᠠᠬᠢᠯᠭᠠᠨ | ᠬᠤᠯᠪᠣᠭᠠᠨ ᠤ ᠮᠡᠬᠡᠯᠡᠯ ᠪᠠ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠵᠡᠷᠭᠡ ᠬᠠᠤᠯᠢ ᠲᠦᠷᠢᠮ ᠤᠨ ᠮᠡᠳᠡᠯᠭᠡ ᠶᠢ | ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠤ ᠠᠮᠠᠷᠬᠠᠨ ᠲᠥᠭᠡᠷᠢᠭᠳᠡᠬᠦ ᠬᠠᠤᠯᠢ ᠳᠤ ᠬᠤᠯᠪᠣᠭᠳᠠᠭᠰᠠᠨ | ᠵᠠᠷᠭᠤ ᠶᠢᠨ ᠠᠰᠠᠭᠤᠳᠠᠯ ᠪᠠ ᠪᠣᠳᠠᠲᠠᠢ ᠬᠡᠷᠡᠭ ᠲᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠴᠦ | ᠲᠠᠶᠢᠯᠪᠤᠷᠢᠯᠠᠬᠤ ᠶᠢᠨ ᠬᠠᠮᠲᠤ ᠪᠠᠰᠠ ᠪᠦᠬᠦ ᠠᠷᠠᠳ ᠢᠶᠠᠷ ᠢᠶᠠᠨ ᠭᠠᠷ ᠤᠨ ᠦᠰᠦᠭ ᠵᠢᠷᠤᠬᠤ ᠠᠵᠢᠯᠯᠠᠭ᠎ᠠ ᠬᠢᠵᠦ᠂ | ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠠᠨ ᠢ ᠦᠯᠦ | ᠮᠡᠳᠡᠭᠳᠡᠮ᠎ᠡ ᠪᠠᠷ ᠬᠠᠤᠯᠢᠵᠢᠯ ᠤᠨ ᠰᠣᠶᠣᠯ ᠤᠨ ᠨᠥᠯᠥᠭᠡᠯᠡᠯ ᠢ ᠭᠦᠯᠢᠶᠡᠨ ᠠᠪᠤᠭᠤᠯᠪᠠ᠃ | | | | | | | ᠪᠠᠳᠠᠢ ᠶᠢᠨ ᠵᠢᠷᠠᠨ ᠪᠠᠯᠭᠠᠰᠤᠨ ᠤ ᠰᠠᠭᠤᠭᠠᠯᠢ ᠠᠷᠠᠳ ᠸᠠᠩ ᠭᠦᠸᠧ ᠰᠢᠶᠠ᠄ ︽ᠥᠩᠭᠡᠷᠡᠭᠰᠡᠨ ᠳᠤ ᠤᠯᠤᠰ ᠤᠨ | ᠠᠮᠤᠷ ᠲᠦᠪᠰᠢᠨ ᠪᠢᠳᠠᠨ ᠡᠴᠡ ᠮᠠᠰᠢ ᠠᠯᠤᠰ ᠬᠤᠯᠠ ᠪᠠᠶᠢᠨ᠎ᠠ ᠭᠡᠵᠦ ᠪᠤᠳᠤᠵᠤ ᠪᠠᠢᠭᠰᠠᠨ᠂ ᠡᠨᠡ ᠤᠳᠠᠭᠠᠨ ᠤ | ᠠᠵᠢᠯᠯᠠᠭ᠎ᠠ ᠪᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠪᠢᠳᠠᠨ ᠤ ᠳᠡᠷᠭᠡᠳᠡ ᠪᠠᠶᠢᠬᠤ ᠶᠢ ᠭᠦᠨᠵᠡᠭᠡᠢ | ᠲᠠᠨᠢᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠬᠠᠷᠢᠭᠤᠴᠠᠯᠭ᠎ᠠ ᠲᠠᠢ | ᠪᠥᠭᠡᠳ ᠡᠭᠦᠷᠭᠡ ᠲᠠᠢ ᠶᠤᠮ︾ ᠭᠡᠵᠦ ᠬᠡᠯᠡᠪᠡ᠃ | | | | | | ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠣᠯ ᠨᠢᠭᠡ ᠵᠦᠢᠯ ᠤᠨ ᠤᠷᠳᠤ ᠬᠤᠭᠤᠴᠠᠭᠠᠨ ᠤ | ᠪᠥᠭᠡᠳ ᠬᠠᠲᠠᠭᠤ ᠪᠡᠷᠬᠡ ᠡᠭᠦᠷᠭᠡ ᠮᠥᠨ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ | ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠤᠯᠤᠰ ᠤᠨ ᠠᠮᠤᠷ | ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠬᠦ ᠬᠡᠷᠡᠭᠲᠡᠶ᠃ | ᠠᠯᠠᠱᠠ ᠪᠠᠷᠠᠭᠤᠨ ᠬᠤᠰᠢᠭᠤᠨ ᠤ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠪᠠᠶᠢᠭᠤᠯᠭ᠎ᠠ᠂ ᠠᠵᠤ | ᠠᠬᠤᠶᠢᠯᠠᠯ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ ︽ᠤᠯᠤᠰ ᠤᠨ ᠠᠮᠤᠷ | ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠦᠵᠡᠯᠲᠡ ᠶᠢ ᠬᠥᠮᠦᠰ ᠤᠨ ᠰᠡᠳᠬᠢᠯ ᠳᠤ | ᠬᠠᠳᠠᠩᠰᠢᠭᠤᠯᠵᠤ᠂ ᠡᠬᠡ ᠤᠯᠤᠰ ᠤᠨ ᠤᠮᠠᠷᠠᠲᠤ ᠶᠢᠨ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠎ᠡ᠃ | | | | | | | | ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ︵ᠨᠢᠭᠤᠴᠠ ᠶᠢ ᠬᠠᠮᠠᠭᠠᠯᠠᠬᠤ ᠨᠢᠭᠤᠴᠠ | ᠮᠠᠲ᠋ᠧᠷᠢᠶᠠᠯ ᠤᠨ ᠲᠣᠪᠴᠢᠶ᠎ᠠ︶ ᠤᠨ ᠳᠡᠳ᠋ ᠡᠷᠬᠢᠯᠡᠭᠴᠢ᠂ ᠲᠣᠪᠴᠢᠶᠠᠨ ᠳᠠᠷᠤᠭ᠎ᠠ ᠡᠷᠳᠡᠨᠢᠭᠤᠸ᠎ᠠ ᠬᠡᠯᠡᠬᠦ ᠳᠡᠭᠡᠨ᠄ ︽ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ | ᠳᠠᠭᠠᠭᠤᠯᠭ᠎ᠠ ᠳᠣᠤᠷ᠎ᠠ᠂ ᠪᠢᠳᠡ ᠨᠠᠩ ᠣᠯᠠᠨ ᠡᠰᠢᠵᠢᠭᠰᠡᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠤᠯᠤᠰ ᠤᠨ ᠠᠮᠤᠷ ᠲᠦᠪᠰᠢᠨ ᠤ ᠮᠡᠳᠡᠯᠭᠡ ᠶᠢ ᠥᠨᠴᠥᠭ ᠪᠤᠯᠤᠩ ᠪᠣᠯᠭᠠᠨ ᠳᠤ ᠲᠦᠭᠡᠮᠡᠯᠵᠢᠭᠦᠯᠵᠦ᠂ ᠤᠯᠤᠰ ᠤᠨ | ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ | ᠥᠭᠭᠦᠨ᠎ᠡ︾ ᠭᠡᠪᠡ᠃ | |