ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠫᠧᠩ ᠶᠠᠨ ᠰᠢᠶᠠ ᠪᠠᠶᠠᠨᠭᠤᠤᠯ ᠰᠤᠮᠤᠨ ᠳᠤ ᠭᠦᠨᠵᠡᠭᠡᠶᠢᠷᠡᠨ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠢᠳᠪᠦᠷᠢᠯᠡᠬᠦ ᠵᠢᠴᠢ ᠬᠤᠭ ᠨᠣᠪᠰᠢ ᠶᠢ ᠶᠡᠷᠦᠩᠬᠡᠶᠢᠯᠡᠨ ᠵᠠᠰᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/17
    4 ᠰᠠᠷ᠎ᠠ ᠶᠢᠨ 17 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠫᠧᠩ ᠶᠠᠨ ᠰᠢᠶᠠ ᠪᠠᠶᠠᠨᠭᠤᠤᠯ  ᠰᠤᠮᠤᠨ ᠳᠤ ᠭᠦᠨᠵᠡᠭᠡᠶᠢᠷᠡᠨ᠂ ᠪᠠᠶᠠᠨᠭᠤᠤᠯ ᠰᠤᠮᠤᠨ ᠤ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠢᠳᠪᠦᠷᠢᠯᠡᠬᠦ ᠵᠢᠴᠢ ᠬᠤᠭ ᠨᠣᠪᠰᠢ ᠶᠢ ᠶᠡᠷᠦᠩᠬᠡᠶᠢᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠵᠦ᠂ ᠰᠤᠮᠤᠨ ᠤ ᠲᠥᠷᠥᠯ ᠵᠦᠢᠯ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠪᠠᠷᠢᠯᠭ᠎ᠠ ᠶᠢᠨ ᠲᠠᠯ᠎ᠠ ᠶᠢᠨ ᠬᠢᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
1.jpg
    ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠤᠷ ᠲᠤ᠂ ᠫᠧᠩ ᠶᠠᠨ ᠰᠢᠶᠠ ᠲᠥᠷᠥᠯ ᠵᠦᠢᠯ ᠤᠨ ᠪᠠᠷᠢᠯᠭ᠎ᠠ ᠶᠢᠨ ᠪᠣᠬᠢᠷ ᠤᠰᠤᠨ ᠤ ᠬᠤᠭᠤᠯᠠᠶ ᠶᠢᠨ ᠲᠣᠤᠷ ᠳᠡᠪᠢᠰᠬᠦ᠂ ᠪᠠᠶᠢᠴᠠᠭᠠᠨ ᠵᠠᠰᠠᠬᠤ ᠬᠤᠳᠳᠤᠭ᠂ ᠰᠢᠯ ᠪᠣᠯᠣᠳ ᠰᠠᠪᠠ ᠶᠢᠨ ᠪᠣᠬᠢᠷ ᠤᠰᠤ ᠶᠢ ᠰᠢᠢᠳᠪᠦᠷᠢᠯᠡᠬᠦ ᠬᠤᠳᠳᠤᠭ ᠤᠨ ᠪᠥᠲᠥᠭᠡᠨ ᠪᠠᠶᠢᠭᠤᠯᠤᠯᠲᠠ ᠵᠢᠴᠢ ᠲᠠᠷᠠᠭᠠᠴᠢ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠡᠷ ᠪᠠᠶᠢᠰᠢᠩ᠂ ᠬᠤᠭ ᠨᠣᠪᠰᠢ ᠶᠢ ᠪᠠᠭᠠᠰᠬᠠᠨ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠢᠳᠪᠦᠷᠢᠯᠡᠬᠦ ᠵᠢᠴᠢ ᠬᠤᠭ ᠨᠣᠪᠰᠢ ᠶᠢ ᠶᠡᠷᠦᠩᠬᠡᠶᠢᠯᠡᠨ ᠵᠠᠰᠠᠬᠤ ᠪᠣᠯ ᠰᠤᠮᠤᠨ ᠤ ᠠᠯᠤᠰ ᠬᠡᠲᠦ ᠶᠢᠨ ᠬᠥᠭᠵᠢᠯᠲᠡ ᠳᠤ ᠰᠠᠭᠤᠷᠢᠯᠠᠬᠤ᠂ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠤ ᠶᠠᠰᠤ ᠴᠢᠨᠠᠷ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠴᠢᠩᠭᠠᠳᠬᠠᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠲᠥᠷᠥᠯ ᠵᠦᠢᠯ ᠢ ᠠᠬᠢᠭᠤᠯᠬᠤ ᠡᠷᠴᠢᠮ ᠢᠶᠠᠨ ᠲᠦᠷᠭᠡᠳᠬᠡᠵᠦ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠭᠡᠷ᠂ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ ᠪᠠᠭᠠᠰᠬᠠᠬᠤ ᠵᠡᠷᠭᠡ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠦᠷᠭᠡᠬᠡᠨ ᠪᠡᠶᠡᠯᠡᠭᠦᠯᠵᠦ᠂ ᠶᠠᠰᠤ ᠴᠢᠨᠠᠷ ᠢ ᠴᠢᠩᠭ᠎ᠠ ᠡᠵᠡᠮᠳᠡᠨ᠂ ᠪᠣᠬᠢᠷ ᠤᠰᠤᠨ ᠤ ᠬᠤᠭᠤᠯᠠᠶ ᠶᠢᠨ ᠲᠣᠤᠷ ᠢ ᠳᠡᠪᠢᠰᠬᠦ᠂ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠵᠢᠷᠤᠮᠵᠢᠯ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠪᠠᠷᠢᠯᠭ᠎ᠠ ᠶᠢᠨ ᠠᠬᠢᠴᠠ ᠶᠢ ᠪᠠᠲᠤᠯᠠᠵᠤ᠂ ᠲᠣᠭᠲᠠᠭᠰᠠᠨ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠠᠬᠢᠭᠤᠯᠵᠤ᠂ ᠲᠦᠷᠦᠯ ᠵᠦᠢᠯ ᠢ ᠴᠠᠭ ᠲᠤᠬᠠᠢ ᠳᠤᠨᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃
2.jpg
    ᠲᠠᠷᠠᠭᠠᠴᠢ ᠶᠢᠨ ᠠᠯᠬᠤᠮ ᠳᠤ᠂ ᠪᠠᠶᠠᠨᠭᠤᠤᠯ ᠰᠤᠮᠤ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ ᠂ ᠲᠥᠷᠥᠯ ᠵᠦᠢᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠶᠢᠨ ︽ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠪᠠ ᠠᠬᠢᠴᠠ ᠶᠢᠨ ᠪᠣᠭᠤᠮᠲᠠ︾ ᠶᠢ ᠴᠢᠩᠭ᠎ᠠ ᠠᠳᠬᠤᠵᠤ᠂ ᠪᠠᠶᠠᠨᠭᠤᠤᠯ ᠰᠤᠮᠤᠨ ᠤ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠶ᠋ᠳᠪᠦᠷᠢᠯᠡᠬᠦ ᠵᠢᠴᠢ ᠬᠤᠭ ᠨᠣᠪᠰᠢ ᠶᠢ ᠶᠡᠷᠦᠩᠬᠡᠶᠢᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ᠃    
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠪᠠᠶᠠᠨᠭᠤᠣᠯ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号