ᠬᠤᠶᠠᠷ ᠬᠤᠷᠠᠯ ᠤᠨ ᠤᠬᠠᠭᠤᠯᠤᠨ ᠲᠠᠶᠢᠯᠪᠤᠷᠢᠯᠠᠯᠳᠠ ᠨᠡᠶᠢᠬᠡᠮ ᠲᠤᠭᠤᠷᠢᠭ ᠲᠤ ᠣᠷᠣᠵᠤ ᠲᠦᠷᠦ ᠶᠢᠨ ᠪᠤᠳᠤᠯᠭ᠎ᠠ ᠶᠢᠨ ᠲᠠᠢᠯᠤᠮᠵᠢ ᠨᠢ ᠬᠦᠮᠦᠰ ᠤᠨ ᠰᠡᠳᠬᠢᠯ ᠳᠤ ᠬᠠᠲᠠᠩᠰᠢᠪᠠ
ᠨᠡᠶᠢᠲᠡᠯᠡᠭᠰᠡᠨ ᠴᠠᠭ᠄
2025/4/17
    ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 16 ᠤ ᠡᠳᠦᠷ᠂ ᠪᠠᠳᠠᠢ ᠶᠢᠨ ᠵᠢᠷᠠᠨ ᠪᠠᠯᠭᠠᠰᠤᠨ ᠤ ᠲᠠᠢ ᠯᠦᠩ ᠨᠡᠶᠢᠭᠡᠮ ᠲᠣᠭᠤᠷᠢᠭ ᠠᠴᠠ ᠠᠯᠠᠱᠠ ᠠᠶᠢᠮᠠᠭ ᠤᠨ ᠪᠥᠬᠦ ᠤᠯᠤᠰ ᠤᠨ ᠬᠤᠶᠠᠷ ᠬᠤᠷᠠᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠸᠠᠩ ᠶᠦᠩ ᠬᠤᠩ ᠢ ᠤᠷᠢᠵᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠭᠤᠯᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃
1.png
    ᠠᠯᠠᠱᠠ ᠠᠶᠢᠮᠠᠭ ᠤᠨ ᠪᠥᠬᠦ ᠤᠯᠤᠰ ᠤᠨ ᠬᠤᠶᠠᠷ ᠬᠤᠷᠠᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠸᠠᠩ ᠶᠦᠩ ᠬᠤᠩ ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠠᠵᠤ ᠦᠢᠯᠡᠰ ᠤᠨ ᠬᠥᠭᠵᠢᠯᠲᠡ ᠪᠠᠷ ᠭᠠᠷᠳᠠᠴᠠ ᠪᠣᠯᠭᠠᠵᠤ᠂ ᠪᠥᠬᠦ ᠤᠯᠤᠰ ᠤᠨ ᠬᠤᠶᠠᠷ ᠬᠤᠷᠠᠯ ᠤᠨ ᠳᠣᠲᠣᠷᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ ᠲᠤᠬᠠᠶ ᠴᠢᠬᠤᠯᠠ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠭᠤᠤᠯᠳᠠᠭᠤ ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠬᠡᠲᠦ ᠶᠢᠨ ᠲᠥᠯᠥᠪ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠶᠢ ᠬᠡᠷᠬᠢᠨ ᠬᠤᠪᠢᠷᠠᠭᠤᠯᠬᠤ᠂ ᠠᠵᠤ ᠦᠢᠯᠡᠰ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ᠂ ᠬᠡᠷᠬᠢᠨ ︽ᠦᠢᠯᠡᠳᠪᠦᠷᠢᠯᠡᠬᠦ ᠵᠢᠭᠠᠬᠤ ᠰᠤᠳᠤᠯᠬᠤ︾ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠬᠥᠭᠵᠢᠯᠲᠡ ᠶᠢᠨ ᠵᠠᠭᠪᠤᠷ ᠢ ᠪᠣᠶ ᠪᠣᠯᠭᠠᠬᠤ ᠵᠡᠷᠭᠡ ᠵᠢᠷᠭᠤᠭᠠᠨ ᠲᠠᠯ᠎ᠠ ᠠᠴᠠ ᠣᠯᠠᠨ ᠳᠤ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠪᠥᠭᠡᠳ ᠣᠶᠢᠯᠠᠭᠠᠮᠵᠢᠲᠠᠶ ᠤᠬᠠᠭᠤᠯᠤᠨ ᠲᠠᠶᠢᠯᠪᠤᠷᠢᠯᠠᠯᠲᠠ ᠶᠢ ᠠᠪᠴᠢᠷᠠᠭᠰᠠᠨ ᠪᠠᠶᠢᠨ᠎ᠠ᠃
2.png
    ᠣᠯᠠᠨ ᠢᠶᠠᠷ ᠢᠶᠠᠨ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠨ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠩ ᠭᠦᠨᠵᠡᠭᠡᠶ ᠣᠶᠢᠯᠠᠭᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠬᠢᠯᠢ ᠬᠢᠵᠠᠭᠠᠷ ᠣᠷᠣᠨ ᠤ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠶᠢ ᠭᠦᠨᠵᠡᠭᠡᠶ ᠮᠡᠳᠡᠷᠡᠵᠦ᠂ ᠲᠡᠳᠡᠨ ᠤ ᠨᠤᠲᠤᠭ ᠤᠰᠤᠨ ᠤ ᠪᠠᠨ ᠢᠷᠡᠭᠡᠳᠦᠶ ᠳᠤ ᠢᠲᠡᠭᠡᠯ ᠳᠦᠭᠦᠷᠡᠩ ᠪᠠᠶᠢᠨ᠎ᠠ ᠭᠡᠵᠦ ᠢᠯᠡᠳᠬᠡᠵᠡᠭᠡᠪᠡ᠃ ᠪᠦᠬᠦ ᠬᠤᠰᠢᠭᠤᠨ ᠤ ᠲᠡᠮᠡᠭᠡᠨ ᠤ ᠠᠵᠤ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ ᠵᠡᠷᠭᠡ ᠣᠨᠴᠠᠯᠢᠭᠲᠤ ᠠᠵᠤ ᠠᠬᠤᠢ ᠲᠠᠰᠤᠷᠠᠯᠲᠠ ᠦᠭᠡᠢ ᠪᠤᠵᠠᠭᠠᠶᠢᠷᠠᠵᠤ᠂ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠢ ᠤᠯᠠᠮ ᠠᠴᠠ ᠤᠯᠠᠮ ᠵᠣᠯ ᠵᠢᠷᠭᠠᠯ ᠲᠠᠢ ᠪᠣᠯᠭᠠᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号