ᠵᠠᠯᠠᠭᠤᠴᠤᠳ ᠤᠨ ᠤᠯᠠᠨ ᠡᠰᠢᠵᠢᠭᠰᠡᠨ ᠬᠥᠭᠵᠢᠯᠲᠡ ᠶᠢᠨ ᠬᠡᠷᠡᠭᠴᠡᠭᠡ ᠶᠢ ᠤᠯᠠᠮ ᠴᠢᠨᠠᠭᠰᠢᠳᠠ ᠬᠠᠩᠭᠠᠬᠤ ᠶᠢᠨ | ᠲᠥᠯᠥᠭᠡ ᠤᠢᠢᠷ᠎ᠠ ᠶᠢᠨ ᠬᠤᠭᠤᠴᠠᠭᠠᠨ ᠳᠤ ᠠᠯᠠᠱᠠ ᠪᠠᠷᠠᠭᠤᠨ ᠬᠤᠰᠢᠭᠤᠨ ᠤ ᠡᠪᠯᠡᠯ ᠤᠨ ᠬᠣᠷᠢᠶ᠎ᠠ ᠤᠯᠠᠨ ᠰᠠᠯᠠᠭ᠎ᠠ | ᠮᠥᠴᠢᠷ ᠲᠠᠢ ᠬᠠᠮᠲᠤᠷᠠᠨ ᠵᠠᠯᠠᠭᠤᠴᠤᠳ ᠤᠨ ᠰᠥᠨᠢ ᠶᠢᠨ ᠰᠤᠷᠭᠠᠭᠤᠯᠢ ᠪᠠᠶᠢᠭᠤᠯᠵᠤ᠂ ᠲᠦᠷᠭᠡᠨ ᠠᠶᠢᠵᠠᠮᠲᠤ | ᠠᠮᠢᠳᠤᠷᠠᠯ ᠳᠤᠮᠳᠠ ᠪᠦᠬᠦ ᠠᠷᠠᠳ ᠢᠶᠠᠷ ᠢᠶᠠᠨ ᠰᠤᠷᠤᠯᠴᠠᠬᠤ ᠬᠠᠮᠲᠤ ᠪᠠᠷ ᠡᠳ᠋ᠯᠡᠬᠦ ᠣᠷᠣᠨ ᠵᠠᠢ ᠶᠢ ᠨᠡᠭᠡᠭᠡᠵᠦ | ᠵᠠᠯᠠᠭᠤᠴᠤᠳ ᠲᠤ ︽ᠴᠠᠬᠢᠯᠭᠠᠨ ᠴᠡᠨᠡᠭᠯᠡᠵᠦ ᠦᠷᠭᠦᠯᠵᠢᠯᠡᠨ ᠠᠶᠠᠯᠠᠬᠤ︾ ᠬᠠᠮᠤᠭ ᠤᠨ ᠰᠠᠶᠢᠨ ᠰᠢᠨ᠎ᠡ ᠪᠠᠶᠢᠳᠠᠯ ᠢ | ᠬᠠᠩᠭᠠᠪᠠ᠃ ︽ᠵᠠᠯᠠᠭᠤᠴᠤᠳ ᠤᠨ ᠰᠥᠨᠢ ᠶᠢᠨ ᠰᠤᠷᠭᠠᠭᠤᠯᠢ︾ ᠨᠢ ᠵᠠᠯᠠᠭᠤᠴᠤᠳ ᠤᠨ ︽ᠴᠠᠬᠢᠯᠭᠠᠨ ᠴᠡᠨᠡᠭᠯᠡᠵᠦ | ᠡᠨᠧᠷᠭᠢ ᠬᠠᠩᠭᠠᠬᠤ︾ ᠴᠢᠬᠤᠯᠠ ᠦᠷᠳᠡᠭᠡ ᠮᠦᠨ᠃ | | | | | | ᠠᠯᠠᠱᠠ ᠪᠠᠷᠠᠭᠤᠨ ᠬᠤᠰᠢᠭᠤᠨ ᠤ ︽ᠵᠠᠯᠠᠭᠤᠴᠤᠳ ᠤᠨ ᠤᠷᠤᠢ ᠶᠢᠨ ᠰᠤᠷᠭᠠᠭᠤᠯᠢ︾ ᠨᠢ ᠬᠢᠴᠢᠶᠡᠯ ᠤᠨ | ᠲᠥᠰᠦᠪᠯᠡᠯ᠂ ᠪᠠᠭᠰᠢ ᠶᠢ ᠰᠢᠯᠢᠨ ᠰᠣᠩᠭᠤᠬᠤ ᠠᠴᠠ ᠲᠠᠯᠠᠪᠤᠷ ᠭᠠᠵᠠᠷ ᠤᠨ ᠲᠤᠬᠢᠷᠠᠭᠤᠯᠤᠯᠳᠠ | ᠬᠦᠷᠲᠡᠯ᠎ᠡ᠂ ᠭᠤᠭᠴᠤᠭ᠎ᠠ ᠪᠦᠷᠢ ᠶᠢ ᠨᠠᠷᠢᠨ ᠨᠢᠮᠪᠠᠢ ᠲᠤᠭᠢᠷᠠᠭᠤᠯᠪᠠ᠃ ᠠᠩᠬᠠᠨ ᠤ ᠬᠤᠭᠤᠴᠠᠭᠠᠨ ᠤ ᠬᠢᠴᠢᠶᠡᠯ ᠨᠢ | ᠤᠷᠭᠢᠯᠣᠮᠠ ᠬᠠᠯᠠᠭᠤᠨ ᠰᠡᠳᠭᠢᠯᠭᠡ ᠢᠶᠠᠷ ᠪᠢᠯᠬᠠᠵᠤ᠂ ᠤᠷᠠᠨ ᠵᠢᠷᠤᠭ᠂ ᠤᠷᠠᠨ ᠪᠢᠴᠢᠯᠭᠡ᠂ | ᠢᠦᠢ ᠵᠢᠶᠠ ︵瑜伽︶᠂ ᠲᠣᠪᠰᠢᠭᠤᠷ᠂ ᠡᠯᠧᠺᠲᠷᠣᠨ ᠬᠥᠭᠵᠢᠮ᠂ ᠮᠦᠷᠢᠨ ᠬᠤᠭᠤᠷ ᠵᠡᠷᠭᠡ ᠪᠠᠶᠠᠯᠢᠭ | ᠠᠭᠤᠯᠭ᠎ᠠ ᠶᠢ ᠲᠤᠬᠢᠷᠠᠭᠤᠯᠵᠦ᠂ 160 ᠭᠠᠷᠤᠢ ᠵᠠᠯᠠᠭᠤᠴᠤᠳ ᠨᠡᠷ᠎ᠡ ᠮᠡᠳᠡᠭᠦᠯᠦᠨ ᠵᠥᠪᠯᠡᠯᠭᠡ ᠠᠪᠴᠤ᠂ ᠡᠯ᠎ᠡ | ᠲᠦᠷᠦᠯ ᠤᠨ ᠬᠢᠴᠢᠶᠡᠯ ᠤᠨ ᠰᠤᠷᠤᠯᠴᠠᠯᠭ᠎ᠠ ᠳᠤ ᠢᠳᠡᠪᠬᠢᠲᠡᠢ ᠣᠷᠣᠯᠴᠠᠪᠠ᠃ ᠠᠳᠡ ᠂ ᠤᠯᠠᠨ ᠢᠶᠠᠷ ᠢᠶᠠᠨ ᠤᠷ᠎ᠠ | ᠴᠢᠳᠠᠪᠤᠷᠢ ᠪᠠᠨ ᠳᠡᠭᠡᠭᠰᠢᠯᠡᠭᠦᠯᠵᠦ᠂ ᠳᠤᠷ᠎ᠠ ᠰᠣᠨᠢᠷᠬᠠᠯ ᠢᠶᠠᠨ ᠬᠥᠮᠦᠵᠢᠭᠦᠯᠬᠦ ᠪᠠᠷ | ᠪᠠᠷᠠᠬᠤ ᠦᠭᠡᠢ ᠪᠠᠰᠠ ᠤᠶᠤᠨ ᠰᠠᠨᠠᠭᠠᠨ ᠤ ᠶᠢᠷᠲᠢᠨᠴᠦ ᠪᠠᠨ ᠪᠠᠶᠠᠯᠢᠭᠵᠢᠭᠤᠯᠵᠤ᠂ ᠬᠤᠪᠢ ᠪᠡᠶ᠎ᠡ ᠶᠢᠨ | ︽ᠴᠠᠬᠢᠯᠭᠠᠨ ᠴᠡᠨᠡᠭᠯᠡᠬᠦ ︾ ᠶᠢ ᠦᠨᠡᠨ ᠬᠦ ᠪᠡᠶᠡᠯᠡᠭᠦᠯᠵᠦ ᠴᠢᠳᠠᠨ᠎ᠠ᠃ | | | | | ᠡᠪ ᠬᠠᠮᠲᠤ ᠵᠠᠯᠠᠭᠤᠴᠤᠳ ᠤᠨ ᠡᠪᠯᠡᠯ ᠤᠨ ᠠᠯᠠᠱᠠ ᠪᠠᠷᠠᠭᠤᠨ ᠬᠤᠰᠢᠭᠤᠨ ᠤ ᠬᠤᠷᠢᠶᠠᠨ ᠤ ᠳᠡᠳ᠋ ᠱᠦᠵᠢ ᠶᠠᠨ | ᠰᠢᠶᠤᠤ ᠰᠢᠤᠸᠠᠢ ᠄ ︽ᠲᠠᠷᠠᠭᠠᠴᠢ ᠶᠢᠨ ᠠᠯᠬᠤᠮ ᠳᠤ ᠠᠯᠠᠱᠠ ᠪᠠᠷᠠᠭᠤᠨ ᠬᠤᠰᠢᠭᠤᠨ ᠤ ᠡᠪᠯᠡᠯ ᠤᠨ ᠬᠤᠷᠢᠶ᠎ᠠ | ᠦᠷᠭᠦᠯᠵᠢᠯᠡᠨ︽ ᠵᠠᠯᠠᠭᠤᠴᠤᠳ ᠤᠨ ᠣᠷᠣᠶ ᠶᠢᠨ ᠰᠤᠷᠭᠠᠭᠤᠯᠢ︾ ᠪᠠᠷ ᠠᠴᠢᠶᠠᠯᠠᠪᠤᠷᠢ ᠪᠣᠯᠭᠠᠵᠤ ᠡᠪ ᠬᠠᠮᠲᠤ | ᠵᠠᠯᠠᠭᠤᠴᠤᠳ ᠤᠨ ᠡᠪᠯᠡᠯ ᠤᠨ ᠵᠠᠯᠠᠭᠤᠴᠤᠳ ᠲᠤ ᠦᠢᠯᠡᠴᠢᠯᠡᠭᠦ ᠲᠠᠪᠴᠠᠩ ᠤᠨ ᠵᠢᠭᠰᠠᠭᠠᠯ ᠤᠨ ᠭᠠᠵᠠᠷ ᠢ ᠤᠯᠠᠮ | ᠨᠢᠭᠡ ᠠᠯᠬᠤᠮ ᠥᠷᠭᠡᠳᠬᠡᠵᠦ ᠠᠭᠤᠯᠭ᠎ᠠ ᠪᠡᠷ ᠪᠠᠶᠠᠯᠢᠭ ᠣᠯᠠᠨ ᠶᠠᠩᠵᠤ ᠭᠡᠯᠪᠡᠷᠢ ᠶᠢᠨ ᠰᠣᠳᠣᠨ ᠬᠢᠴᠢᠶᠡᠯ ᠢ | ᠭᠠᠷᠭᠠᠨ᠎ᠠ︾ ᠭᠡᠵᠦ ᠢᠯᠡᠳᠬᠡᠪᠡ᠃ | | | | |