4 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠣᠰᠢᠭᠣ ᠳᠠᠷᠤᠭ᠎ᠠ | ᠵᠢᠶᠠᠩ ᠪᠢᠩ ᠵᠢᠶᠧ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠶᠠᠪᠠᠷᠠᠢ ᠶᠢᠨ ᠠᠵᠤ ᠦᠢᠯᠡᠳᠪᠦᠷᠢ ᠶᠢᠨ | ᠲᠥᠪᠯᠡᠷᠡᠭᠰᠡᠨ ᠣᠷᠣᠨ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠵᠢᠴᠢ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ | ᠵᠢᠶᠠᠩ ᠪᠢᠩ ᠵᠢᠶᠧ ᠤᠷᠢᠳ ᠬᠤᠵᠢᠳ ᠯᠠᠨ ᠺᠧ ᠠᠮᠢᠳᠤ ᠪᠣᠳᠠᠰ᠂ ᠢᠦᠶ ᠴᠧᠨ ᠷᠦᠨ ᠡᠮ ᠡᠮᠨᠡᠯᠭᠡ᠂ | ᠴᠢ ᠲᠠᠢ ᠬᠢᠮᠢ᠂ ᠯᠦᠩ ᠪᠦᠦ ᠬᠢᠮᠢ ᠶᠢᠨ ᠠᠵᠤ ᠦᠢᠯᠡᠳᠪᠦᠷᠢ ᠵᠡᠷᠭᠡ 9 ᠠᠵᠤ ᠠᠬᠤᠶᠢᠯᠠᠯ ᠳᠤ ᠬᠦᠷᠴᠦ᠂ | ᠦᠢᠯᠡᠳᠪᠦᠷᠢ ᠶᠢᠨ ᠲᠣᠭᠤᠷᠢᠭ ᠲᠤ ᠭᠦᠨᠵᠡᠭᠡᠶᠢᠷᠡᠨ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃ ᠲᠤᠬᠠᠶ ᠶᠢᠨ | ᠲᠠᠯᠠᠪᠤᠷ ᠲᠤ ᠢᠯᠡᠷᠡᠭᠦᠯᠦᠭᠰᠡᠨ ᠪᠡᠯᠡᠳᠬᠡᠮᠵᠢ ᠲᠥᠬᠦᠭᠡᠷᠦᠮᠵᠢ ᠶᠢᠨ ︽ᠭᠤᠭᠤᠵᠢᠵᠤ ᠭᠤᠭᠤᠵᠢᠭᠤᠯᠬᠤ︾᠂ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠴᠢᠩᠭ᠎ᠠ ᠪᠤᠰᠤ᠂ ᠦᠢᠯᠡᠳᠪᠦᠷᠢ ᠶᠢᠨ ᠲᠣᠭᠤᠷᠢᠭ ᠤᠨ | ᠡᠳ᠋ ᠮᠠᠲ᠋ᠧᠷᠢᠶᠠᠯ ᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠠᠵᠢᠯᠲᠠᠨ ᠤ ᠪᠠᠶᠢᠷᠢ ᠲᠣᠭᠲᠠᠭᠠᠬᠤ ᠰᠢᠰᠲ᠋ᠧᠮ ᠤᠨ | ᠠᠵᠢᠯᠯᠠᠭ᠎ᠠ ᠨᠢ ᠵᠣᠬᠢᠰ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠲᠡᠷᠡ ᠳᠠᠷᠤᠶ ᠳᠤᠨᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠷᠡᠰ | ᠬᠦᠴᠦᠲᠡᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ ᠪᠠᠴᠢᠮ ᠪᠠᠶᠢᠳᠠᠯ ᠢ | ᠠᠷᠭᠠᠴᠠᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠵᠢᠴᠢ ᠬᠠᠷᠢᠶ᠎ᠠ ᠭᠠᠵᠠᠷ ᠤᠨ ᠰᠤᠮᠤ | ᠪᠠᠯᠭᠠᠰᠤ ᠶᠢ ᠱᠠᠭᠠᠷᠳᠠᠨ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠶᠢ ᠰᠠᠶᠢᠲᠤᠷ ᠬᠢᠵᠦ᠂ ᠲᠤᠭᠤᠰᠢᠲᠠᠢ | ᠰᠠᠶᠢᠵᠢᠷᠠᠭᠤᠯᠬᠤ᠂ ᠲᠦᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | | | | | | | ᠵᠢᠶᠠᠩ ᠪᠢᠩ ᠵᠢᠶᠧ ᠴᠢᠬᠤᠯᠠᠴᠢᠯᠠᠭᠰᠠᠨ ᠨᠢ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯ | ᠠᠵᠤ ᠠᠬᠤᠶᠢᠯᠠᠯ ᠤᠨ ᠬᠥᠭᠵᠢᠯᠲᠡ ᠶᠢᠨ ᠬᠤᠷᠢᠭ᠎ᠠ ᠱᠤᠭᠤᠮ᠂ ᠤᠯᠠᠭᠠᠨ ᠱᠤᠭᠤᠮ᠂ ᠠᠮᠢᠨ ᠰᠤᠳᠠᠰᠤ ᠮᠥᠨ᠂ | ᠡᠷᠬᠡᠪᠰᠢ ᠪᠣᠯᠭᠤᠮᠵᠢᠲᠠᠶ ᠪᠠᠶᠢᠵᠤ᠂ ᠴᠢᠩᠭ᠎ᠠ ᠠᠳᠬᠣᠨ ᠪᠣᠳᠠᠲᠠᠶ ᠠᠳᠬᠤᠬᠤ ᠬᠡᠷᠡᠭᠲᠡᠶ᠃ ᠡᠯ᠎ᠡ ᠠᠵᠤ ᠠᠬᠤᠶᠢᠯᠠᠯ | ᠢᠮᠠᠭᠲᠠ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠢᠨᠠᠨ ᠪᠠᠶᠢᠴᠠᠭᠠᠯᠲᠠ ᠶᠢ ᠤᠭᠲᠤᠬᠤ ᠵᠡᠷᠭᠡ ᠠᠵᠢᠯ ᠢᠶᠠᠷ ᠠᠵᠠ ᠲᠣᠬᠢᠶᠠᠯ ᠪᠣᠯᠭᠠᠵᠤ᠂ ᠥᠪᠡᠷ ᠢ ᠪᠠᠨ ᠪᠠᠶᠢᠴᠠᠭᠠᠵᠤ | ᠥᠪᠡᠷ ᠢ ᠪᠠᠨ ᠵᠠᠯᠠᠷᠠᠭᠤᠯᠬᠤ ᠶᠢ ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ ᠥᠷᠨᠢᠭᠦᠯᠵᠦ᠂ ᠢᠯᠠᠩᠭᠤᠶ᠎ᠠ ︽ | ᠨᠠᠷᠢᠨ ᠰᠠᠯᠠᠭ᠎ᠠ ᠮᠥᠴᠢᠷ ᠤᠨ ᠦᠵᠦᠭᠦᠷ︾ ᠤᠨ ᠲᠠᠯ᠎ᠠ ᠪᠠᠷ ᠬᠢ ᠠᠶᠤᠯ ᠲᠦᠭᠰᠢᠭᠦᠷᠢ ᠶᠢᠨ ᠳᠠᠯᠳᠠ ᠬᠡᠮ ᠢ | ᠠᠩᠬᠠᠷᠴᠤ᠂ ᠲᠣᠨᠤᠭ ᠲᠥᠬᠦᠭᠡᠷᠦᠮᠵᠢ ᠶᠢ ᠰᠢᠨᠡᠳᠬᠡᠨ ᠬᠠᠮᠠᠭᠠᠯᠠᠬᠤ᠂ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ᠂ | ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠰᠢᠢᠳᠪᠦᠷᠢᠯᠡᠯᠲᠡ᠂ ᠦᠢᠯᠡᠳᠪᠦᠷᠢ ᠶᠢᠨ ᠲᠣᠭᠤᠷᠢᠭ ᠤᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠵᠦ᠂ ᠦᠢᠯᠡᠳᠪᠦᠷᠢᠯᠡᠯ ᠡᠵᠡᠩᠨᠡᠯᠲᠡ ᠶᠢᠨ ᠵᠢᠷᠤᠮᠵᠢᠯ᠂ | ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶ᠎ᠠ ᠪᠥᠬᠦᠶ | ᠰᠠᠯᠠᠭ᠎ᠠ ᠮᠥᠴᠢᠷ ᠵᠢᠴᠢ ᠬᠠᠷᠢᠶ᠎ᠠ ᠭᠠᠵᠠᠷ ᠤᠨ ᠰᠤᠮᠤ ᠪᠠᠯᠭᠠᠰᠤ ᠶᠢᠨ ᠬᠢᠨ ᠲᠤᠰᠬᠠᠶ ᠮᠡᠷᠭᠡᠵᠢᠯ ᠤᠨ ᠬᠦᠴᠦᠨ ᠤ | ᠲᠣᠬᠢᠷᠠᠭᠤᠯᠤᠯᠲᠠ ᠪᠠᠨ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠴᠠᠭᠠᠬᠤ ᠶᠢ ᠭᠦᠨᠵᠡᠭᠡᠶᠢᠷᠡᠭᠦᠯᠦᠨ᠂ | ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠮᠠᠭᠠᠳᠯᠠᠨ ᠲᠣᠭᠲᠠᠭᠠᠬᠤ ᠵᠡᠷᠭᠡ | ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠰᠠᠭᠤᠳᠠᠯ ᠤᠨ ᠳᠠᠯᠳᠠ ᠬᠡᠮ ᠢ ᠨᠠᠷᠢᠯᠢᠭ ᠣᠨᠣᠴᠠᠲᠠᠶ ᠪᠠᠷ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠮᠥᠷᠲᠡᠭᠡᠨ ᠪᠠᠰᠠ ᠠᠵᠤ ᠠᠬᠤᠶᠢᠯᠠᠯ ᠳᠤ ᠢᠯᠡᠭᠦᠴᠡ ᠪᠠᠶᠢᠴᠠᠭᠠᠯᠲᠠ ᠶᠢ | ᠤᠭᠲᠤᠬᠤ ᠳᠠᠷᠤᠭᠠᠰᠤ ᠶᠢ ᠨᠡᠮᠡᠭᠳᠡᠭᠦᠯᠬᠦ ᠥᠬᠡᠶ ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ | ᠂ ᠰᠠᠨᠠᠭ᠎ᠠ ᠠᠮᠤᠷ᠂ ᠡᠷᠡᠭᠦᠯ ᠢᠶᠠᠷ ᠬᠥᠭᠵᠢᠬᠦ ᠶᠢ ᠵᠢᠯᠣᠭᠤᠳᠤᠨ ᠬᠠᠪᠰᠤᠷᠬᠤ ᠬᠡᠷᠡᠭᠲᠡᠶ᠃ | ᠳᠡᠳ᠋ ᠬᠤᠰᠢᠭᠤᠨ ᠳᠠᠷᠤᠭ᠎ᠠ ᠫᠠᠨ ᠼᠦᠨ ᠵᠢᠶᠦ᠋ᠨ ᠪᠠᠶᠢᠴᠠᠭᠠᠯᠲᠠ ᠳᠤ ᠣᠷᠣᠯᠴᠠᠪᠠ᠃ | | |