4 ᠰᠠᠷ᠎ᠠ ᠶᠢᠨ 22 ᠤ ᠡᠳᠦᠷ᠂ ᠠᠯᠠᠱᠠ ᠪᠠᠷᠠᠭᠤᠨ ᠬᠤᠰᠢᠭᠤ ᠣᠶ ᠰᠢᠭᠤᠶ ᠡᠪᠡᠰᠦ ᠪᠡᠯᠴᠢᠭᠡᠷ ᠢ ᠰᠦᠢᠳᠬᠡᠵᠦ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ | ᠠᠬᠢᠭᠤᠯᠬᠤ ᠬᠤᠷᠠᠯ ᠵᠢᠴᠢ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠲᠣᠭᠲᠠᠴᠠ ᠶᠢᠨ ᠠᠩᠬᠠᠳᠤᠭᠠᠷ ᠤᠳᠠᠭᠠᠨ ᠤ ᠬᠤᠷᠠᠯ | ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠲᠣᠭᠲᠠᠴᠠ ᠶᠢᠨ ᠳᠠᠷᠤᠭ᠎ᠠ | ᠶᠠᠩ ᠱᠣᠤ ᠴᠦᠨ ᠬᠤᠷᠠᠯ ᠡᠷᠭᠢᠯᠡᠵᠦ᠂ ᠬᠠᠮᠢᠶ᠎ᠠ ᠪᠥᠬᠦᠶ ᠬᠤᠰᠢᠭᠤ ᠭᠠᠵᠠᠷ ᠤᠨ ᠲᠠᠰ ᠤᠨ ᠤᠳᠤᠷᠢᠳᠬᠤ ᠨᠥᠬᠦᠳ᠂ | ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠲᠣᠭᠲᠠᠴᠠ ᠶᠢᠨ ᠡᠯ᠎ᠡ ᠪᠦᠷᠢᠯᠳᠦᠬᠦᠨ ᠬᠤᠷᠠᠯ ᠳᠤ | ᠣᠷᠣᠯᠴᠠᠵᠠᠶ᠃ | ᠬᠤᠷᠠᠯ ᠠᠴᠠ ᠬᠠᠮᠢᠶ᠎ᠠ ᠪᠥᠬᠦᠶ ᠶᠠᠷᠢᠶ᠎ᠠ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ | ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠨ᠂ ᠪᠥᠬᠦ | ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠥᠷᠨᠢᠭᠦᠯᠬᠦ ᠨᠢ ︽ | ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠳᠤ | ᠬᠤᠯᠪᠣᠭᠳᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠳᠤ ᠬᠤᠯᠪᠣᠭᠳᠠᠨ᠎ᠠ᠂ ᠡᠯ᠎ᠡ ᠰᠤᠮᠤ ᠪᠠᠯᠭᠠᠰᠤ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠠᠰᠠᠭᠤᠳᠠᠯ ᠤᠨ ᠤᠳᠤᠷᠢᠳᠤᠮᠵᠢ ᠳᠤ ᠠᠩᠬᠠᠷᠤᠯ ᠢᠶᠠᠨ | ᠲᠥᠪᠯᠡᠷᠡᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠨ ᠴᠢᠩᠭᠠᠳᠬᠠᠵᠤ᠂ ︽ᠵᠢᠯᠣᠭᠤᠴᠢ ᠦᠭᠡᠢ | ᠮᠠᠰᠢᠨ ᠤ ᠵᠣᠬᠢᠶᠠᠮᠠᠯ ᠣᠶᠤᠨ ᠴᠢᠳᠠᠪᠤᠷᠢ︾ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ ᠥᠨᠳᠥᠷ | ᠪᠦᠲᠦᠮᠵᠢᠲᠡᠢ ᠲᠣᠭᠤᠷᠢᠨ ᠪᠠᠶᠢᠴᠠᠭᠠᠯᠲᠠ ᠥᠷᠨᠢᠭᠦᠯᠵᠦ᠂ ᠤᠢ ᠰᠢᠭᠤᠢ ᠨᠤᠲᠤᠭ ᠪᠡᠯᠴᠢᠭᠡᠷ ᠢ ᠰᠦᠢᠳᠭᠡᠬᠦ᠂ | ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠲᠡᠷᠡ ᠳᠠᠷᠤᠢ ᠳᠤᠨᠢ ᠠᠵᠢᠯᠯᠠᠭ᠎ᠠ ᠠᠪᠴᠤ ᠬᠤᠷᠢᠭᠯᠠᠨ ᠵᠣᠭᠰᠣᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠦᠨᠡᠨᠬᠦ ᠬᠠᠮᠠᠭᠠᠯᠠᠬᠤ ᠬᠡᠷᠡᠭᠲᠡᠢ᠃ ᠳᠠᠭᠠᠭᠠᠴᠢᠯᠠᠨ ᠬᠤᠯᠪᠣᠭᠠᠯᠠᠬᠤ | ᠬᠠᠷᠢᠭᠤᠴᠠᠯᠭ᠎ᠠ ᠶᠢᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠬᠡᠷᠡᠭ ᠤᠨ ᠪᠦᠬᠦ ᠶᠠᠪᠤᠴᠠ ᠶᠢ ᠮᠥᠷᠳᠡᠨ | ᠱᠠᠯᠠᠪᠳᠠᠭᠤᠯᠤᠨ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ︽ᠨᠢᠭᠡ ᠬᠡᠷᠡᠭ ᠢ | ᠪᠠᠶᠢᠴᠠᠭᠠᠨ ᠰᠢᠢᠳᠪᠦᠷᠢᠯᠡᠵᠦ᠂ ᠰᠡᠷᠡᠮᠵᠢᠯᠡᠬᠦᠯᠪᠡᠯ᠂ ᠨᠢᠭᠡ ᠬᠡᠰᠡᠭ ᠢ ᠵᠠᠰᠠᠵᠤ᠂ ᠨᠢᠭᠡ ᠣᠷᠣᠨ ᠪᠦᠰᠡ ᠶᠢ ᠵᠠᠰᠠᠬᠤ︾ | ᠤᠷᠳᠤ ᠬᠤᠭᠤᠴᠠᠭᠠᠨ ᠤ ᠪᠦᠲᠦᠮᠵᠢᠲᠡᠢ ᠵᠠᠰᠠᠯᠲᠠ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠤᠰᠢᠭᠤ᠂ | ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ | ᠪᠣᠳᠠᠲᠠᠶᠢᠵᠢᠭᠤᠯᠵᠤ᠂ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠬᠤ ᠶᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠥᠷᠨᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠢ ᠡᠮᠬᠢ | ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠶ᠃ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ | ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠲᠡᠮᠵᠢᠨ ᠬᠠᠮᠵᠢᠯᠴᠠᠵᠤ᠂ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠤᠢ ᠰᠢᠭᠤᠢ ᠡᠪᠡᠰᠦ ᠪᠡᠯᠴᠢᠭᠡᠷ ᠢ | ᠡᠪᠳᠡᠬᠦ ᠠᠵᠢᠯᠯᠠᠭ᠎ᠠ ᠳᠤ ᠴᠣᠬᠢᠯᠲᠠ ᠥᠭᠴᠦ ᠬᠤᠷᠢᠭᠯᠠᠬᠤ ᠬᠦᠴᠦᠷᠬᠡᠭ ᠶᠡᠭᠡ ᠰᠦᠷ ᠬᠦᠴᠦᠨ ᠢ ᠪᠤᠢ ᠪᠣᠯᠭᠠᠬᠤ | ᠬᠡᠷᠡᠭᠲᠡᠢ᠃ | |