ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 4 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2025/4/29
    4 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠣᠰᠢᠭᠤ ᠳᠠᠷᠤᠭ᠎ᠠ ᠵᠢᠶᠠᠩ ᠪᠢᠩ ᠵᠢᠶᠧ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠢ ᠪᠦᠲᠦᠮᠵᠢᠲᠡᠢ ᠵᠠᠰᠠᠬᠤ ᠵᠡᠷᠭᠡ ᠶᠢ ᠴᠢᠩᠭ᠎ᠠ ᠠᠩᠬᠠᠷᠴᠤ᠂ ᠲᠤᠪᠤᠶᠢᠮ᠎ᠠ ᠠᠰᠠᠭᠤᠳᠠᠯ ᠢ ᠴᠢᠩᠭ᠎ᠠ ᠪᠣᠳᠠᠲᠠᠢ ᠲᠦᠷᠭᠡᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠵᠣᠬᠢᠶᠠᠯ︾ ᠢ ᠦᠨᠡᠨᠬᠦ ᠰᠠᠶᠢᠲᠤᠷ ᠠᠳᠬᠤᠵᠤ᠂ ᠬᠠᠷᠢᠭᠤᠴᠠᠯᠭᠠᠲᠤ ᠤᠳᠤᠷᠢᠳᠤᠯᠭ᠎ᠠ ᠪᠡᠶ᠎ᠡ ᠪᠠᠷ ᠢᠶᠠᠨ ᠠᠬᠢᠴᠠ ᠶᠢ ᠠᠰᠠᠭᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠴᠢᠩᠭ᠎ᠠ ᠱᠠᠭᠠᠷᠳᠠᠯᠭ᠎ᠠ ᠶᠢ  ᠲᠤᠭᠤᠰᠢᠯᠠᠭᠤᠯᠵᠤ᠂ ᠨᠢᠭᠡᠳ ᠨᠢᠭᠡ ᠪᠠᠷ ᠠᠩᠬᠠᠷᠴᠤ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠵᠦ᠂ ᠠᠰᠠᠭᠤᠳᠠᠯ ᠢ ᠪᠠᠶᠢᠴᠠᠭᠠᠨ ᠳᠡᠯᠭᠡᠬᠦ ᠪᠠ ᠴᠡᠭᠴᠡᠯᠡᠨ ᠰᠠᠶᠢᠵᠢᠷᠠᠭᠤᠯᠬᠤ ᠳᠤᠮᠳᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠬᠠᠲᠠᠭᠤ ᠴᠢᠩᠭ᠎ᠠ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠵᠣᠷᠢᠭᠲᠠᠢ ᠪᠠᠷ ᠵᠥᠷᠢᠴᠡᠯ ᠳᠤ ᠰᠢᠭᠤᠳ ᠬᠠᠨᠳᠤᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠪᠦᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ᠃    
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号