ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 40 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/29
    4 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠢᠶᠠᠩ ᠪᠢᠩ ᠵᠢᠶᠧ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 40 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠲᠤᠭ᠎ᠠ ᠪᠦᠷᠢᠳᠬᠡᠯ ᠢ ᠵᠠᠰᠠᠬᠤ ᠦᠵᠡᠯᠲᠡ ᠶᠢ ᠪᠠᠲᠤ ᠪᠣᠶ ᠪᠣᠯᠭᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠵᠡᠷᠭᠡ ᠭᠤᠤᠯᠳᠠᠯᠭ᠎ᠠ ᠲᠠᠢ ᠠᠵᠢᠯ ᠢ ᠵᠠᠳᠠᠯᠤᠨ ᠰᠤᠳᠤᠯᠵᠤ ᠮᠠᠭᠠᠳᠯᠠᠬᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠵᠥᠪᠯᠡᠭᠴᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯ ᠤᠨ ᠰᠢᠨᠵᠢᠯᠡᠬᠦ ᠤᠬᠠᠭᠠᠨᠴᠢᠯᠠᠭᠰᠠᠨ᠂ ᠬᠠᠤᠯᠢᠵᠢᠭᠰᠠᠨ᠂ ᠵᠢᠷᠤᠮᠵᠢᠭᠰᠠᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠥᠭᠬᠦ ᠶᠢ ᠪᠠᠲᠤᠯᠠᠬᠤ ᠲᠦᠷᠢᠮ︾ ᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠣᠨᠣᠪᠴᠢᠲᠠᠶ ᠡᠵᠡᠮᠳᠡᠨ᠂ ᠲᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠠᠷᠢᠨ ᠨᠢᠮᠪᠠᠶ ᠤᠶᠢᠯᠠᠭᠠᠨ ᠪᠠᠶᠢᠴᠠᠭᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠢ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ ᠶᠢ ᠴᠢᠩᠳᠠᠯᠠᠨ᠂ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠥᠭᠴᠦ ᠪᠠᠶᠢᠭ᠎ᠠ ᠪᠠᠶᠢᠳᠠᠯ ᠢ ᠬᠥᠳᠡᠯᠦᠩᠭᠦᠶ ᠪᠠᠷ ᠬᠢᠨᠠᠨ ᠬᠡᠮᠵᠢᠵᠦ᠂ ᠳᠠᠩᠰᠠᠨ ᠤ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠭᠥᠯᠢᠶᠡᠨ ᠠᠪᠬᠤ ᠶᠢᠨ ᠬᠠᠮᠲᠤ ᠲᠣᠬᠢᠲᠠᠶ ᠰᠢᠢᠳᠪᠦᠷᠢᠯᠡᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠥᠬᠦ ᠬᠤᠰᠢᠭᠤᠨ ᠤ ︽ᠵᠢᠷᠭᠤᠭᠠᠨ ᠠᠵᠢᠯᠯᠠᠭ᠎ᠠ︾ ᠶᠢᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠨᠠᠷᠢᠨ ᠲᠠᠩᠰᠠ ᠶᠢ ᠰᠤᠳᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠬᠤ᠂ ᠪᠣᠳᠠᠲᠠᠶ ᠶᠢ ᠡᠷᠬᠢᠮᠯᠡᠨ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠨ᠂ ᠬᠤᠰᠢᠭᠤᠨ ᠤ ᠬᠡᠪᠴᠢᠶᠡᠨ ᠤ ᠬᠥᠭᠵᠢᠯᠲᠡ ᠶᠢᠨ ᠪᠥᠬᠦ ᠲᠠᠯ᠎ᠠ ᠶᠢᠨ ᠲᠣᠭᠤᠷᠢᠨ ᠳᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠭᠦᠢᠴᠡᠳᠭᠡᠯ ᠲᠤᠭ᠎ᠠ ᠶᠢ ᠬᠡᠮᠵᠢᠶᠡᠵᠢᠭᠦᠯᠵᠦ᠂ ᠪᠠᠲᠤᠯᠠᠭ᠎ᠠ ᠶᠢ ᠴᠢᠩᠭᠠᠳᠬᠠᠨ᠂ ᠥᠷᠯᠥᠭᠡ ᠦᠳᠡᠰᠢ ᠶᠢ ᠲᠡᠮᠡᠴᠡᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号