ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠭᠤᠤ ᠵᠧᠩ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2025/5/14
    5 ᠰᠠᠷ᠎ᠠ ᠶᠢᠨ 13 ᠤ ᠡᠳᠦᠷ᠂ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠰᠦᠨ ᠱᠤᠤ ᠴᠧᠩ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠬᠤᠷᠠᠯ ᠡᠷᠭᠢᠯᠡᠪᠡ᠃    ᠬᠤᠷᠠᠯ ᠠᠴᠠ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠯᠤᠰ ᠤᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠨᠢᠭᠲᠠ ᠠᠩᠬᠠᠷᠴᠤ᠂ ᠰᠢᠯᠢᠳᠡᠭ ᠲᠦᠷᠦᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ ︽ᠲᠠᠪᠤᠨ ᠶᠡᠭᠡ ᠳᠠᠪᠠᠭᠤᠯᠢᠭ ᠤᠨᠴᠠᠯᠢᠬᠳᠤ ᠠᠵᠤ ᠦᠢᠯᠡᠰ︾ ᠤᠨ ᠲᠣᠭᠤᠷᠢᠨ ᠳᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ ᠂ ᠬᠠᠮᠢᠶᠠᠷᠤᠯᠲᠠ ᠶᠢᠨ ᠲᠣᠭᠲᠠᠴᠠ ᠪᠠᠨ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ︽ᠬᠤᠣᠰ ᠬᠠᠭᠠᠰ ᠢ ᠳᠠᠪᠠᠭ᠋ᠤ︾ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠮ ᠬᠠᠷᠢᠯᠴᠠᠭ᠎ᠠ᠂ ᠡᠯᠡᠰᠦᠨ ᠴᠦᠯ ᠤᠨ ᠵᠤᠭᠠᠴᠠᠯ ᠵᠡᠷᠭᠡ ᠬᠦᠷᠢᠶᠡᠨ ᠤ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠡᠷᠬᠢᠨ ᠬᠠᠷᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠤᠢ ᠪᠦᠬᠦᠢ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃    ᠬᠤᠷᠠᠯ ᠠᠴᠠ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠠᠰᠠᠯᠲᠠ ᠪᠠ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠡᠮᠬᠢ ᠵᠠᠮᠪᠠᠷᠠᠭ᠎ᠠ ᠦᠭᠡᠢ ᠦᠵᠡᠭᠳᠡᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ︽ᠨᠢᠭᠡ ᠪᠠᠯᠭᠠᠰᠤ ᠵᠡᠭᠡᠯᠢ ᠨᠢᠭᠡ ᠪᠣᠳᠠᠲᠤ ᠶᠠᠪᠤᠳᠠᠯ︾ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠤᠨ ᠶᠠᠪᠤᠴᠠ ᠳᠠᠬᠢ ᠨᠡᠶᠢᠲᠡᠯᠢᠭ ᠴᠢᠨᠠᠷᠲᠠᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠶ ᠰᠢᠭᠤᠶ ᠡᠪᠡᠰᠦ ᠪᠡᠯᠴᠢᠭᠡᠷ ᠢ ᠰᠦᠢᠳᠬᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠪᠠ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠵᠢᠯ ᠢ ᠥᠷᠨᠢᠭᠦᠯᠬᠦ ᠬᠡᠷᠡᠭᠲᠡᠶ᠃ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠢ ᠲᠦᠷᠭᠡᠳᠬᠡᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠦᠯᠡᠰᠦᠩᠭᠦᠢ ᠠᠪᠤᠷᠠᠨ ᠲᠤᠰᠠᠯᠠᠯᠲᠠ ᠶᠢ ᠶᠡᠬᠡᠪᠡᠷ ᠥᠷᠨᠢᠭᠦᠯᠵᠦ᠂ ᠠᠷᠠᠳ ᠤᠨ ᠠᠮᠢᠳᠤᠷᠠᠯ  ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠨ᠎ᠡ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃    
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号