ᠠᠯᠳ᠋ᠬᠠᠣᠪᠣᠭ᠎ᠠ ᠪᠠᠯᠭᠠᠰᠤᠨ ᠤ ᠵᠡᠯ᠎ᠡ ᠪᠥᠭᠡᠷᠦᠭ ᠭᠠᠴᠠᠭᠠᠨ ᠤ ᠳᠠᠭᠠᠭᠠᠴᠢᠯᠠᠨ ᠬᠠᠷᠢᠯᠴᠠᠬᠤ ᠨᠢᠭᠡᠴᠢ ᠭᠠᠩ ᠢ ᠡᠰᠡᠷᠭᠦᠴᠡᠬᠦ ᠡᠪᠡᠰᠦ ᠪᠣᠷᠳᠤᠭ᠎ᠠ ᠲᠠᠷᠬᠠᠭᠠᠪᠠ
ᠨᠡᠶᠢᠲᠡᠯᠡᠭᠰᠡᠨ ᠴᠠᠭ᠄
2025/5/15
    ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠠᠬᠢ ᠮᠠᠯᠴᠢᠳ ᠤᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠪᠠᠶᠢᠳᠠᠯ ᠢ ᠪᠦᠲᠦᠮᠵᠢᠲᠡᠶ ᠠᠷᠢᠯᠭᠠᠵᠤ᠂ ᠮᠠᠯᠵᠢᠬᠤ ᠡᠷᠦᠬᠡ ᠶᠢᠨ ᠠᠮᠢᠳᠤᠷᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ 5 ᠰᠠᠷ᠎ᠠ ᠶᠢᠨ 14 ᠤ ᠡᠳᠦᠷ᠂ ᠠᠯᠳ᠋ᠬᠠᠣᠪᠣᠭ᠎ᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠠᠴᠠᠭᠠᠨ ᠤ ᠤᠳᠤᠷᠢᠳᠤᠯᠭ᠎ᠠ ᠲᠠᠢ ᠬᠠᠮᠲᠤᠷᠠᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠢᠳᠡᠪᠬᠢᠲᠡᠶ ᠵᠣᠬᠢᠴᠠᠭᠤᠯᠵᠤ᠂ ᠳᠠᠭᠠᠭᠠᠴᠢᠯᠠᠨ ᠬᠠᠷᠢᠯᠴᠠᠬᠤ ᠭᠠᠴᠠᠭᠠᠨ ᠤ 27 ᠡᠷᠦᠬᠡ ᠮᠠᠯᠴᠢᠨ ᠲᠠᠷᠢᠶᠠᠴᠢᠨ ᠳᠤ 40 ᠲᠣᠨ ᠭᠠᠩ ᠬᠠᠭᠰᠠᠷᠠᠭᠠᠨ ᠢ ᠡᠰᠡᠷᠭᠦᠴᠡᠬᠦ ᠡᠪᠡᠰᠦ ᠪᠣᠷᠳᠤᠭ᠎ᠠ ᠲᠠᠷᠬᠠᠭᠠᠪᠠ᠃
1.jpg
    ᠲᠠᠷᠬᠠᠭᠠᠬᠤ ᠲᠤᠬᠠᠶ ᠶᠢᠨ ᠲᠠᠯᠠᠪᠠᠢ ᠳᠤ᠂ ᠪᠠᠯᠭᠠᠰᠤᠨ ᠤ ᠪᠠᠶᠢᠭᠤᠯᠭ᠎ᠠ ᠶᠢᠨ ᠠᠵᠢᠯᠲᠠᠨ᠂ ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠬᠦᠨ ᠵᠢᠴᠢ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢᠳ ᠠᠵᠢᠯ ᠬᠤᠪᠢᠶᠠᠷᠢᠯᠠᠨ ᠬᠠᠮᠵᠢᠯᠴᠠᠵᠤ᠂ ᠲᠤᠬᠠᠶ ᠶᠢᠨ ᠲᠠᠯᠠᠪᠠᠶ ᠶᠢᠨᠠᠵᠢᠯ ᠡᠮᠬᠢ ᠳᠢᠭᠯᠢᠮ ᠲᠠᠢ ᠶᠠᠪᠣᠭᠳᠠᠪᠠ᠃ ᠭᠠᠴᠠᠭᠠᠨ ᠤ ︽ᠬᠤᠶᠠᠷ ᠵᠥᠪᠯᠡᠯ︾ ᠡᠴᠡ ᠲᠤᠬᠠᠶ ᠶᠢᠨ ᠲᠠᠯᠠᠪᠤᠷ  ᠲᠤ ᠨᠡᠷᠡᠰ ᠢ ᠰᠢᠯᠭᠠᠨ ᠪᠠᠢᠴᠠᠭᠠᠵᠤ᠂ ᠮᠠᠯᠴᠢᠨ ᠲᠠᠷᠢᠶᠠᠴᠢᠨ ᠣᠯᠠᠨ ᠲᠦᠮᠡᠨ ᠭᠠᠷ ᠤᠨ ᠥᠰᠥᠭ ᠵᠢᠷᠤᠵᠤ ᠨᠤᠲᠠᠯᠠᠭᠰᠠᠨ ᠤ ᠳᠠᠷᠠᠭ᠎ᠠ ᠡᠪᠡᠰᠦ ᠪᠣᠷᠳᠤᠭ᠎ᠠ ᠠᠪᠴᠤ᠂ 40 ᠲᠣᠨ 530 ᠭᠠᠷᠤᠶ ᠪᠣᠭᠤᠳᠠᠯᠯᠠᠬᠤ ᠡᠪᠡᠰᠦ ᠪᠣᠷᠳᠤᠭ᠎ᠠ ᠶᠢ 27 ᠡᠷᠦᠬᠡ ᠮᠠᠯᠴᠢᠨ ᠲᠠᠷᠢᠶᠠᠴᠢᠨ ᠤ ᠭᠠᠷ ᠲᠤ ᠣᠨᠣᠪᠴᠢᠲᠠᠶ ᠲᠦᠭᠡᠭᠡᠵᠦ᠂ ᠡᠨᠡ ᠬᠦ ︽ᠴᠠᠭ ᠤᠨ ᠬᠤᠷ᠎ᠠ︾ ᠨᠢ ᠮᠠᠯᠴᠢᠨ ᠲᠠᠷᠢᠶᠠᠴᠢᠨ ᠤ ᠲᠤᠯᠭᠠᠮ᠎ᠠ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠵᠤ᠂ ᠣᠯᠠᠨ ᠲᠦᠮᠡᠨ ᠳᠤ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠪᠡ᠃
     ᠳᠠᠷᠠᠭᠠᠴᠢ ᠶᠢᠨ ᠠᠯᠬᠤᠮ ᠳᠤ᠂ ᠠᠯᠳ᠋ᠬᠠᠣᠪᠣᠭ᠎ᠠ ᠪᠠᠯᠭᠠᠰᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠶᠠᠨ ᠵᠠᠮ ᠳᠤ ᠯᠠᠪᠳᠠᠭᠤᠨ ᠢᠶᠠᠷ ᠤᠷᠤᠭᠰᠢᠯᠠᠵᠤ᠂ ᠮᠠᠯᠴᠢᠨ ᠲᠠᠷᠢᠶᠠᠴᠢᠨ ᠤ ᠵᠣᠯ ᠵᠢᠷᠭᠠᠯᠲᠤ ᠠᠮᠢᠳᠤᠷᠠᠯ ᠤᠨ ᠰᠢᠨ᠎ᠡ ᠪᠠᠶᠢᠳᠠᠯ ᠢ ᠨᠠᠷᠢᠨ ᠨᠢᠮᠪᠠᠢ ᠵᠢᠷᠤᠭᠯᠠᠨ᠎ᠠ᠃        
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠯᠳ᠋ᠬᠠᠤᠪᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号