ᠵᠡᠮᠳᠡᠭᠴᠦᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠯᠠᠮᠵᠢᠯᠠᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ 5 ᠰᠠᠷ᠎ᠠ ᠶᠢᠨ 14 ᠤ ᠡᠳᠦᠷ ᠠᠯᠠᠱᠠ ᠠᠶᠢᠮᠠᠭ ᠤᠨ ᠮᠣᠩᠭᠤᠯ | ᠡᠮᠨᠡᠯᠭᠡ ᠶᠢᠨ ᠬᠣᠷᠢᠶ᠎ᠠ ᠪᠣᠯᠤᠨ ᠠᠯᠠᠱᠠ ᠪᠠᠷᠠᠭᠤᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠲᠤᠰᠬᠠᠶ | ᠮᠡᠷᠭᠡᠵᠢᠯᠲᠡᠨ ᠤ ᠪᠦᠯᠬᠦᠮ ᠠᠯᠠᠱᠠ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠤᠭᠠᠨ ᠳᠤ ᠬᠦᠷᠴᠦ | ᠵᠡᠮᠳᠡᠭᠴᠦᠳ ᠲᠤ ᠠᠰᠢᠭ ᠬᠦᠷᠲᠡᠭᠡᠬᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ | ᠵᠡᠮᠳᠡᠭᠴᠦᠳ ᠲᠤ ᠲᠤᠰᠬᠠᠶ ᠡᠮᠴᠢᠯᠡᠭᠡᠨ ᠤ ᠦᠢᠯᠡᠴᠢᠯᠡᠭᠡ ᠪᠠ ᠡᠷᠡᠭᠦᠯ ᠮᠡᠨᠳᠦ ᠶᠢᠨ ᠬᠠᠯᠠᠮᠵᠢᠯᠠᠯ ᠬᠦᠷᠭᠡᠪᠡ᠃ | | | | | | | ᠠᠯᠠᠱᠠ ᠪᠠᠷᠠᠭᠤᠨ ᠬᠤᠰᠢᠭᠤᠨ ᠤ ᠡᠷᠡᠭᠦᠯᠵᠢᠯ ᠤᠨ ᠲᠥᠪ ᠲᠤ᠂ ᠳᠣᠲᠣᠷ ᠰᠠᠯᠠᠭ᠎ᠠ᠂ ᠮᠣᠩᠭᠤᠯ ᠡᠮᠨᠡᠯᠭᠡ ᠶᠢᠨ | ᠣᠨᠴᠠᠯᠢᠭᠲᠤ ᠣᠨᠣᠰᠢᠯᠠᠨ ᠡᠮᠨᠡᠬᠦ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠵᠡᠷᠭᠡ ᠬᠦᠷᠢᠶᠡᠨ ᠤ ᠲᠤᠰᠬᠠᠶ | ᠮᠡᠷᠭᠡᠵᠢᠯᠲᠡᠳ ᠠᠰᠠᠭᠤᠨ ᠯᠠᠪᠯᠠᠬᠤ ᠪᠠᠷ ᠢᠷᠡᠭᠰᠡᠨ ᠵᠡᠮᠳᠡᠭᠴᠦᠳ ᠤᠨ ᠠᠰᠠᠭᠤᠯᠳᠠ ᠶᠢ ᠨᠢᠭᠡᠳ ᠨᠢᠭᠡ ᠪᠠᠷ | ᠬᠠᠷᠢᠭᠤᠯᠵᠤ᠂ ᠡᠪᠡᠳᠴᠢᠨ ᠤ ᠲᠡᠦᠬᠡ ᠶᠢ ᠨᠠᠷᠢᠨ ᠠᠰᠠᠭᠤᠵᠤ᠂ ᠲᠤᠰᠬᠠᠶ ᠮᠡᠷᠭᠡᠵᠢᠯ ᠤᠨ ᠮᠡᠳᠡᠯᠭᠡ ᠪᠠᠷ | ᠣᠨᠣᠰᠢᠯᠠᠬᠤ ᠶᠢᠨ ᠬᠠᠮᠲᠤ ᠥᠪᠡᠷᠮᠢᠴᠡ ᠡᠮᠴᠢᠯᠡᠭᠡᠨ ᠤ ᠲᠥᠰᠦᠯ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠵᠦ | ᠥᠭᠪᠡ᠃ | | | | | | | ᠰᠢᠬᠢᠷ ᠰᠢᠵᠢᠩ ᠡᠪᠡᠳᠴᠢᠲᠡᠨ ᠳᠤ ᠴᠢᠭᠯᠡᠭᠦᠯᠦᠨ᠂ ᠲᠤᠰᠬᠠᠶ ᠮᠡᠷᠭᠡᠵᠢᠯᠲᠡᠳ ᠡᠳᠦᠷ ᠲᠤᠲᠤᠮ ᠤᠨ ᠢᠳᠡᠭᠡᠨ | ᠤᠮᠳᠠᠭᠠᠨ᠂ ᠪᠡᠶ᠎ᠡ ᠶᠢᠨ ᠲᠠᠮᠢᠷ᠂ ᠡᠮ ᠬᠡᠷᠡᠭᠯᠡᠬᠦ ᠵᠡᠷᠭᠡ ᠲᠠᠯ᠎ᠠ ᠪᠠᠷ ᠠᠩᠬᠠᠷᠬᠤ ᠵᠦᠢᠯᠡᠰ ᠢ ᠭᠤᠤᠯᠳᠠᠯᠭ᠎ᠠ ᠲᠠᠢ | ᠲᠠᠶᠢᠯᠪᠤᠷᠢᠯᠠᠪᠠ᠃ ᠮᠣᠩᠭᠤᠯ ᠡᠮᠨᠡᠯᠭᠡ ᠶᠢᠨ ᠣᠨᠴᠠᠯᠢᠭᠲᠤ ᠣᠨᠣᠰᠢᠯᠠᠨ ᠡᠮᠨᠡᠬᠦ ᠣᠷᠣᠨ ᠪᠦᠰᠡ ᠳᠤ᠂ ᠲᠤᠰᠬᠠᠶ | ᠮᠡᠷᠭᠡᠵᠢᠯᠲᠡᠳ ᠢᠯᠢᠵᠦ ᠨᠤᠬᠤᠯᠠᠬᠤ᠂ ᠵᠡᠭᠦᠦ ᠲᠥᠭᠡᠨᠡᠯᠭᠡ ᠵᠡᠷᠭᠡ ᠮᠣᠩᠭᠤᠯ ᠡᠮᠨᠡᠯᠭᠡ ᠶᠢᠨ ᠤᠯᠠᠮᠵᠢᠯᠠᠯᠲᠤ ᠵᠠᠰᠠᠯ ᠢ | ᠬᠡᠷᠡᠭᠯᠡᠵᠦ᠂ ᠵᠡᠮᠳᠡᠭᠴᠦᠳ ᠤᠨ ᠡᠪᠡᠳᠴᠢᠨ ᠡᠮᠭᠡᠭ ᠢ ᠨᠠᠮᠳᠠᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠮᠣᠩᠭᠤᠯ ᠡᠮᠨᠡᠯᠭᠡ ᠶᠢᠨ ᠪᠡᠶ᠎ᠡ ᠰᠤᠪᠢᠯᠠᠬᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠢ ᠤᠯᠠᠮᠵᠢᠯᠠᠯᠲᠤ | ᠠᠨᠠᠭᠠᠬᠤ ᠤᠬᠠᠭᠠᠨ ᠤ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠭᠠᠪᠠ᠃ | | | | | | | ᠪᠠᠳᠠᠢ ᠶᠢᠨ ᠵᠢᠷᠠᠨ ᠪᠠᠯᠭᠠᠰᠤᠨ ᠤ ᠰᠠᠭᠤᠭᠠᠯᠢ ᠠᠷᠠᠳ ᠰᠢᠤᠢ ᠶᠢᠦ ᠹᠦ᠋᠄ ᠡᠨᠡ ᠤᠳᠠᠭᠠᠨ ᠤ ᠠᠯᠪᠠᠨ ᠵᠢᠷᠤᠮ ᠤᠨ | ᠡᠮᠴᠢᠯᠡᠭᠡ ᠳᠤ ᠡᠮᠴᠢ ᠨᠡᠷ ᠨᠠᠷᠢᠨ ᠬᠢᠨᠠᠮᠠᠭᠠᠢ ᠪᠠᠶᠢᠴᠠᠭᠠᠭᠰᠠᠨ ᠢᠶᠠᠷ ᠪᠠᠷᠠᠬᠤ ᠦᠭᠡᠢ᠂ ᠪᠠᠰᠠ ᠮᠢᠨᠦ ᠡᠪᠡᠳᠴᠢᠨ ᠤ | ᠪᠠᠶᠢᠳᠠᠯ ᠳᠤ ᠴᠢᠭᠯᠡᠭᠦᠯᠦᠨ ᠮᠠᠰᠢ ᠤᠯᠠᠨ ᠪᠣᠳᠠᠲᠤ ᠬᠡᠷᠡᠭᠯᠡᠭᠡᠨ ᠤ ᠰᠠᠨᠠᠭᠤᠯᠭ᠎ᠠ ᠭᠠᠷᠭᠠᠪᠠ ᠃ | | | | | | | ᠲᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠵᠡᠮᠳᠡᠭᠴᠦᠳ ᠲᠤ | ᠳᠥᠭᠦᠮ ᠳᠥᠲᠡ ᠡᠪᠡᠳᠴᠢᠨ ᠦᠵᠡᠭᠦᠯᠬᠦ ᠨᠥᠬᠦᠴᠡᠯ ᠬᠠᠩᠭᠠᠵᠤ᠂ ᠵᠡᠮᠳᠡᠭᠴᠦᠳ ᠤᠨ ᠡᠷᠡᠭᠦᠯ ᠮᠡᠨᠳᠦ ᠶᠢ | ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠪᠠ᠃ ᠠᠯᠠᠱᠠ ᠪᠠᠷᠠᠭᠤᠨ ᠬᠤᠰᠢᠭᠤᠨ ᠤ | ᠵᠡᠮᠳᠡᠭᠴᠦᠳ ᠤᠨ ᠬᠤᠯᠪᠣᠭ᠎ᠠ ᠠᠴᠠ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ | ᠲᠠᠪᠴᠠᠩ ᠢ ᠦᠷᠭᠦᠯᠵᠢᠯᠡᠨ ᠢᠳᠡᠪᠬᠢᠲᠡᠶ ᠪᠠᠶᠢᠭᠤᠯᠵᠤ᠂ ᠵᠡᠮᠳᠡᠭᠴᠦᠳ ᠲᠤ ᠠᠰᠢᠭ ᠬᠦᠷᠲᠡᠭᠡᠬᠦ ᠨᠠᠩ ᠣᠯᠠᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠡᠮᠳᠡᠭᠴᠦᠳ ᠤᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠨ᠎ᠠ | ᠃ | ᠠᠯᠠᠱᠠ ᠪᠠᠷᠠᠭᠤᠨ ᠬᠤᠰᠢᠭᠤᠨ ᠤ ᠡᠷᠡᠭᠦᠯᠵᠢᠯ ᠤᠨ ᠲᠥᠪ ᠤᠨ ᠡᠷᠬᠢᠯᠡᠭᠴᠢ ᠰᠠᠷᠠᠨ᠎ᠠ᠄ ᠪᠢᠳᠡ ᠵᠡᠮᠳᠡᠭᠴᠦᠳ ᠢ | ᠲᠤᠰᠠᠯᠠᠬᠤ ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠡᠬᠢ ᠪᠠᠶᠠᠯᠢᠭ ᠢ ᠬᠤᠯᠪᠣᠬᠤ᠂ | ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠠᠭᠤᠯᠭ᠎ᠠ ᠶᠢ | ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠵᠡᠮᠳᠡᠭᠴᠦᠳ ᠲᠤ | ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠦᠢᠯᠡᠴᠢᠯᠡᠭᠡ ᠬᠠᠩᠭᠠᠨ᠎ᠠ ᠭᠡᠪᠡ᠃ | |