5 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ | ᠰᠤᠷᠤᠯᠴᠠᠬᠤ ᠭᠤᠣᠯ ᠳᠤᠭᠤᠶᠢᠯᠠᠩ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠪᠦᠭᠦ | ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠠᠳ | ᠣᠯᠣᠭᠰᠠᠨ ᠢᠯᠡᠳᠲᠡ ᠦᠷ᠎ᠡ ᠪᠦᠲᠦᠮᠵᠢ ᠪᠣᠯᠣᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ | ᠰᠤᠷᠤᠯᠴᠠᠨ ᠠᠰᠢᠭᠯᠠᠬᠤ ᠪᠠᠷ ᠭᠤᠣᠯ ᠰᠡᠳᠦᠪ ᠪᠣᠯᠭᠠᠨ 2025 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠯᠢᠦ ᠱᠤᠸᠠᠩ᠂ ᠯᠢ ᠢᠦᠢ ᠭᠠᠩ ᠲᠤᠰ ᠲᠤᠰ ︽ᠨᠠᠢᠮᠠᠨ ᠲᠣᠭᠲᠠᠭᠠᠯ ᠳᠤᠮᠳᠠᠳᠤ ᠤᠯᠤᠰ ᠢ | ᠬᠤᠪᠢᠷᠠᠭᠤᠯᠪᠠ︾᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾ ᠶᠢ | ᠳᠠᠭᠠᠭᠤᠯᠤᠨ ᠰᠤᠷᠤᠯᠴᠠᠪᠠ᠃ ᠱᠢ ᠭᠤᠸᠠᠩ ᠬᠤᠢ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ | ᠺᠠᠩ᠂ ᠬᠤᠸᠠᠩ ᡁᠢ ᠴᠢᠶᠠᠩ᠂ ᠢᠦᠢ ᠯᠢ ᠰᠢᠨ ᠦᠭᠡ ᠬᠡᠯᠡᠪᠡ᠃ | ᠰᠦᠨ ᠱᠤᠤ ᠴᠧᠩ ᠶᠠᠷᠢᠶᠠᠨ ᠳᠠᠭᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠵᠤ ᠣᠯᠣᠭᠰᠠᠨ ᠢᠯᠡᠳᠲᠡ ᠦᠷ᠎ᠡ ᠪᠦᠲᠦᠮᠵᠢ ᠨᠢ ᠮᠠᠨ ᠤ ᠨᠠᠮ ᠤᠨ ᠲᠤᠰ ᠪᠡᠶ᠎ᠡ ᠶᠢᠨ | ᠠᠰᠠᠭᠤᠳᠠᠯ ᠳᠠᠭᠠᠨ ᠵᠥᠪ ᠢᠶᠠᠷ ᠬᠠᠨᠳᠤᠬᠤ ᠪᠥᠭᠡᠳ ᠥᠪᠡᠷ ᠪᠡᠶ᠎ᠡ ᠳᠡᠭᠡᠨ ᠲᠦᠢᠯᠪᠤᠷᠢᠲᠠᠢ ᠬᠤᠪᠢᠰᠬᠠᠯ ᠬᠢᠬᠦ ᠵᠣᠷᠢᠭ | ᠰᠠᠨᠠᠭ᠎ᠠ ᠲᠠᠢ ᠪᠠᠶᠢᠬᠤ ᠶᠢ ᠮᠠᠷᠭᠤᠰᠢ ᠦᠭᠡᠢ ᠭᠡᠷᠡᠴᠢᠯᠡᠵᠦ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ | ᠲᠥᠪ ᠬᠤᠷᠢᠶ᠎ᠠ ᠶᠢᠨ ᠴᠥᠬᠦᠷᠡᠯᠲᠡ ᠦᠭᠡᠢ ᠪᠠᠷ ᠰᠤᠷᠲᠠᠯ ᠢ ᠠᠳᠬᠤᠨ ᠰᠢᠨ᠎ᠡ ᠰᠤᠷᠲᠠᠯ ᠢ ᠪᠤᠢ ᠪᠤᠯᠭᠠᠬᠤ ᠴᠢᠩᠭ᠎ᠠ | ᠬᠦᠴᠦᠲᠡᠢ ᠲᠡᠦᠬᠡ ᠶᠢᠨ ᠡᠭᠦᠷᠭᠡᠯᠡᠯ ᠪᠣᠯᠣᠨ ᠬᠠᠳᠠᠨ ᠵᠣᠷᠢᠭ ᠵᠠᠩ ᠴᠢᠨᠠᠷ ᠢ ᠭᠦᠢᠴᠡᠳ ᠢᠯᠡᠷᠡᠭᠦᠯᠪᠡ᠃ ᠪᠢᠳᠡ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠡᠷᠬᠢᠮ ᠨᠠᠨᠳᠢᠨ ᠲᠤᠷᠰᠢᠯᠭ᠎ᠠ ᠶᠢ ᠪᠣᠳᠠᠲᠠᠢ ᠦᠢᠯᠡᠳᠦᠯᠭᠡ ᠳᠤᠮᠳᠠ | ᠪᠦᠭᠦ ᠲᠠᠯ᠎ᠠ ᠪᠠᠷ ᠬᠡᠷᠡᠭᠯᠡᠵᠦ᠂ ᠦᠷ᠎ᠡ ᠪᠦᠲᠦᠭᠡᠯ ᠢᠶᠠᠨ ᠬᠠᠮᠠᠭᠠᠯᠠᠵᠤ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ | ᠲᠥᠪ ᠤᠨ ᠨᠠᠢᠮᠠᠨ ᠲᠣᠭᠲᠠᠭᠠᠯ ᠤᠨ ᠲᠠᠯᠠᠩ ᠬᠠᠰᠢᠯᠭ᠎ᠠ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠳᠡᠭᠡᠷ᠎ᠡ | ᠱᠠᠲᠤ ᠨᠢ ᠳᠣᠣᠷ᠎ᠠ ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠪᠦᠭᠦ ᠣᠷᠣᠨ ᠤ ᠡᠯ᠎ᠡ ᠱᠠᠲᠤᠨ ᠤ ᠤᠳᠤᠷᠢᠳᠬᠤ | ᠺᠠᠳ᠋ᠷ ᠢᠯᠠᠩᠭᠤᠶ᠎ᠠ ᠮᠤᠵᠢ ᠶᠢᠨ ᠲᠡᠰ ᠤᠨ ᠤᠳᠤᠷᠢᠳᠬᠤ ᠺᠠᠳ᠋ᠷ ᠲᠦᠷᠦᠭᠦᠯᠡᠨ ᠬᠢᠵᠦ᠂ ᠲᠦᠷᠦᠭᠦᠯᠡᠨ ᠠᠳᠬᠤᠵᠤ᠂ ︽ | ᠤᠳᠠᠭᠠᠨ ᠪᠦᠳᠦᠭᠦᠯᠢᠭ ᠬᠡᠶᠢᠰᠪᠦᠷᠢ︾ ᠠᠷᠬᠠᠭ ᠢ ᠰᠢᠢᠳᠪᠦᠷᠢᠯᠡᠬᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ | ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠭᠦᠢᠴᠡᠳᠬᠡᠬᠦ ᠵᠡᠷᠭᠡ ᠲᠠᠯ᠎ᠠ ᠪᠠᠷ ᠰᠠᠶᠢᠲᠤᠷ | ᠬᠢᠬᠦ ᠬᠡᠷᠡᠭᠲᠡᠢ᠃ ︽ᠳᠥᠷᠪᠡᠨ ᠰᠤᠷᠲᠠᠯ︾ ᠤᠨ ᠠᠰᠠᠭᠤᠳᠠᠯ ᠵᠢᠴᠢ ᠲᠡᠭᠦᠨ ᠤ ᠡᠯ᠎ᠡ ᠵᠦᠢᠯ ᠤᠨ ᠣᠨᠳᠣᠣᠰᠢᠯ | ᠢᠯᠡᠷᠡᠯ ᠳᠤ ᠰᠦᠷ ᠬᠦᠴᠦᠲᠡᠢ ᠳᠠᠷᠤᠯᠲᠠ ᠦᠵᠡᠭᠦᠯᠵᠦ᠂ ᠥᠴᠥᠬᠡᠨ ᠴᠦ ᠨᠠᠶᠢᠷ ᠲᠠᠯᠪᠢᠬᠤ ᠦᠭᠡᠢ᠂ ᠡᠴᠦᠰ ᠲᠤᠨᠢ | ᠲᠤᠯᠲᠠᠯ᠎ᠠ ᠠᠳᠬᠤᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ᠂ ᠲᠣᠭᠲᠠᠭᠠᠯ ᠠᠴᠠ ᠵᠥᠷᠢᠴᠡᠨ ᠪᠡᠯᠡᠭ | ᠰᠡᠯᠲᠡ ᠪᠡᠯᠡᠭ ᠤᠨ ᠮᠥᠩᠭᠦ ᠭᠥᠯᠢᠶᠡᠨ ᠠᠪᠤᠭᠰᠠᠨ ᠪᠤᠶᠤ ᠬᠦᠷᠭᠡᠭᠰᠡᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ ᠰᠤᠷᠲᠠᠯ ᠤᠨ ᠠᠰᠠᠭᠤᠳᠠᠯ ᠪᠠ ᠢᠯᠵᠢᠷᠡᠯ ᠢ ᠬᠠᠮᠲᠤ ᠳᠤᠨᠢ ᠪᠠᠶᠢᠴᠠᠭᠠᠵᠤ ᠬᠠᠮᠲᠤ ᠳᠤᠨᠢ | ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠰᠤᠷᠲᠠᠯ ᠤᠨ ᠠᠰᠠᠭᠤᠳᠠᠯ ᠠᠴᠠ ᠢᠯᠵᠢᠷᠡᠬᠦ ᠬᠡᠯᠬᠢᠶ᠎ᠡ ᠶᠢ ᠡᠷᠡᠰ | ᠲᠡᠰᠦᠯᠵᠦ᠂ ᠢᠯᠵᠢᠷᠡᠯ ᠡᠭᠦᠰᠬᠦ ᠥᠯᠥᠭᠡᠢ ᠶᠢ ᠠᠷᠢᠯᠭᠠᠬᠤ ᠬᠡᠷᠡᠭᠲᠡᠢ᠃ ᠳᠦᠷᠢᠮ ᠤᠨ ᠬᠡᠷᠡᠭᠵᠢᠭᠦᠯᠦᠯᠲᠡ ᠶᠢ | ᠴᠢᠩᠭᠠᠳᠬᠠᠵᠤ᠂ ᠦᠨᠳᠦᠰᠦᠨ ᠳᠦᠷᠢᠮ ᠠᠴᠠ ᠡᠬᠢᠯᠡᠨ ᠴᠢᠩᠳᠠᠯᠠᠵᠤ᠂ ᠡᠳᠦᠷ ᠲᠤᠳᠤᠮ ᠤᠨ ᠵᠢᠷᠤᠮᠵᠢᠯ ᠠᠴᠠ | ᠡᠬᠢᠯᠡᠨ ᠠᠳᠬᠤᠵᠤ᠂ ᠵᠢᠷᠤᠮᠵᠢᠭᠤᠯᠬᠤ ᠴᠣᠮᠬᠠᠳᠬᠠᠬᠤ ᠬᠤᠷᠳᠤᠴᠠ ᠶᠢ ᠲᠦᠷᠭᠡᠳᠬᠡᠬᠦ᠂ ᠬᠢᠨᠠᠯᠲᠠ ᠶᠢ ᠨᠡᠪᠲᠡᠷᠡᠭᠦᠯᠦᠨ | ᠵᠣᠬᠢᠴᠠᠭᠤᠯᠬᠤ ᠲᠣᠭᠲᠠᠴᠠ ᠪᠠ ︽ᠨᠢᠭᠡ ᠱᠤᠭᠤᠮ︾ ᠤᠨ ᠴᠡᠭᠴᠡᠯᠡᠨ ᠰᠠᠶᠢᠵᠢᠷᠠᠭᠤᠯᠬᠤ ᠲᠣᠭᠲᠠᠴᠠ ᠵᠡᠷᠭᠡ ᠠᠯᠢ | ᠤᠯᠠᠨ ᠳᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠠᠳᠬᠠᠯ ᠢ ᠠᠶᠠᠨᠳᠠᠭᠠᠨ ᠤ ᠪᠤᠯᠭᠠᠬᠤ ᠬᠡᠷᠡᠭᠲᠡᠢ᠃ | ᠡᠷᠬᠡ ᠶᠢ ᠤᠯᠠᠮ ᠨᠢᠭᠡ ᠠᠯᠬᠤᠮ ᠲᠠᠯᠪᠢᠵᠤ᠂ ᠡᠷᠬᠡ ᠶᠢᠨ ᠠᠵᠢᠯᠯᠠᠭᠠᠨ ᠤ ᠢᠯᠡ ᠲᠣᠳᠣ ᠬᠡᠮᠵᠢᠶ᠎ᠡ ᠶᠢ | ᠳᠡᠭᠡᠭᠰᠢᠯᠡᠭᠦᠯᠦᠨ᠂ ᠡᠷᠬᠡ ᠪᠠᠨ ᠠᠰᠢᠭᠯᠠᠨ ᠬᠤᠪᠢ ᠶᠢᠨ ᠠᠰᠢᠭ ᠬᠥᠭᠡᠭᠡᠴᠡᠯᠳᠦᠬᠦ ᠣᠷᠣᠨ ᠵᠠᠢ ᠶᠢ ᠪᠠᠭᠠᠰᠬᠠᠬᠤ | ᠬᠡᠷᠡᠭᠲᠡᠢ᠃ ᠰᠢᠯᠢᠳᠡᠭ ᠰᠣᠶᠣᠯ ᠢ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠭ᠎ᠠ | ᠪᠠᠭ᠎ᠠ ᠪᠠᠷ ᠵᠤᠵᠠᠭᠠᠷᠠᠭᠤᠯᠤᠨ ᠪᠤᠶᠢᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠠᠵᠢᠯ ᠶᠠᠪᠤᠳᠠᠯ | ᠬᠢᠬᠦ ᠳᠡᠭᠡᠨ ᠶᠣᠰᠣ ᠳᠦᠷᠢᠮ ᠢ ᠵᠢᠷᠤᠮᠯᠠᠬᠤ᠂ ᠪᠤᠰᠤᠳ ᠲᠤ ᠨᠥᠭᠦᠷᠰᠡᠭ ᠪᠠᠭᠲᠠᠭᠠᠮᠵᠢᠲᠠᠢ ᠪᠠᠷ ᠬᠠᠨᠳᠤᠬᠤ᠂ ᠪᠦᠭᠦ | ᠰᠡᠳᠬᠢᠯ ᠪᠦᠭᠦ ᠵᠣᠷᠢᠭ ᠢᠶᠠᠷ ᠢᠶᠠᠨ ᠦᠢᠯᠡᠴᠢᠯᠡᠬᠦ ᠬᠡᠪ ᠰᠤᠷᠲᠠᠯ ᠢ ᠪᠦᠷᠢᠯᠳᠦᠭᠦᠯᠬᠦ ᠶᠢ ᠠᠬᠢᠭᠤᠯᠵᠤ᠂ ᠢᠳᠡᠪᠬᠢᠲᠡᠢ | ᠡᠷᠡᠭᠦᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠰᠣᠶᠣᠯ ᠢᠶᠠᠷ ᠨᠠᠮ ᠤᠨ ᠰᠤᠷᠲᠠᠯ ᠵᠠᠰᠠᠭ ᠤᠨ ᠰᠤᠷᠲᠠᠯ ᠢ | ᠪᠤᠢ ᠪᠤᠯᠭᠠᠵᠤ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠴᠡᠪᠡᠷᠰᠢᠭᠦᠯᠬᠦ ᠬᠡᠷᠡᠭᠲᠡᠢ ᠭᠡᠪᠡ᠃ |