ᠸᠠᠩ ᠯᠢ ᠰᠢᠶᠠ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠭᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/21
    5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠭᠡᠯ ᠠᠵᠢᠯ ᠤᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠳᠤ ᠪᠠᠶᠢᠴᠠᠭᠠᠨ ᠰᠤᠳᠤᠯᠪᠠ᠃     ᠡᠨᠡ ᠵᠢᠯ ᠪᠣᠯ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠰᠢᠯᠭᠠᠯᠲᠠ ᠶᠢᠨ ᠵᠢᠯ ᠪᠣᠯᠤᠨ᠎ᠠ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠶᠠᠪᠤᠳᠠᠯ ᠤᠨ ᠵᠢᠯᠣᠭᠤᠳᠬᠤ ᠲᠥᠪ ᠲᠤ ᠬᠦᠷᠴᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠡᠷᠡᠮᠡᠯᠵᠡᠯ ᠲᠠᠭᠯᠠᠬᠤ ᠲᠤᠰᠠᠯᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠲᠠᠯᠠᠪᠠᠶ ᠳᠤ ᠣᠶᠢᠯᠠᠭᠠᠵᠤ᠂ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ᠂ ᠰᠢᠯᠭᠠᠯᠲᠠ ᠶᠢᠨ ᠶᠠᠪᠤᠳᠠᠯ ᠢ ᠵᠣᠬᠢᠶᠠᠨ ᠪᠠᠶᠢᠭᠤᠯᠬᠤ ᠪᠣᠯᠪᠠᠰᠤᠷᠠᠯ᠂ ᠰᠢᠯᠭᠠᠯᠲᠠ ᠶᠢᠨ ᠬᠠᠭᠤᠳᠠᠰᠤ ᠶᠢ ᠬᠠᠮᠢᠶᠠᠷᠴᠤ ᠲᠠᠷᠬᠠᠭᠠᠬᠤ᠂ ᠰᠢᠯᠭᠠᠭᠤᠯᠤᠭᠴᠢ ᠶᠢᠨ ᠦᠢᠯᠡᠴᠢᠯᠡᠭᠡ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠤᠨ ᠲᠣᠬᠢᠷᠠᠭᠤᠯᠤᠯᠲᠠ ᠶᠢ ᠨᠠᠷᠢᠨ ᠣᠶᠢᠯᠠᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤ ᠪᠠᠷ ᠠᠵᠢᠯ ᠤᠨ ᠳᠡᠰ ᠳᠠᠷᠠᠭᠠᠯᠠᠯ ᠢ ᠡᠮᠬᠢᠯᠡᠨ᠂ ᠠᠰᠠᠭᠤᠳᠠᠯ ᠤᠨ ᠳᠠᠯᠳᠠ ᠬᠡᠮ ᠢ ᠡᠷᠢᠵᠦ᠂ ᠠᠷᠭᠠᠴᠠᠭᠠᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠬᠠᠷᠭᠤᠭᠤᠯᠵᠤ᠂ ᠦᠨᠡᠨ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠳᠠᠬᠢᠨ ᠳᠠᠪᠲᠠᠨ ᠵᠠᠬᠢᠪᠠ᠃     ᠸᠠᠩ ᠯᠢ ᠰᠢᠶᠠ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠂ ᠡᠨᠡ ᠨᠢ ᠰᠢᠯᠭᠠᠭᠤᠯᠤᠭᠴᠢ ᠶᠢᠨ ᠨᠢᠭᠡ ᠤᠳᠠᠭ᠎ᠠ ᠶᠢᠨ ᠬᠥᠮᠦᠨ ᠤ ᠠᠮᠢᠳᠤᠷᠠᠯ ᠤᠨ ᠶᠡᠭᠡ ᠰᠢᠯᠭᠠᠯᠲᠠ ᠪᠣᠯᠬᠤ ᠪᠠᠷ ᠪᠠᠷᠠᠬᠤ ᠦᠭᠡᠢ ᠪᠠᠰᠠ ᠴᠤ ᠪᠢᠳᠡᠨ ᠳᠤ ᠲᠠᠯᠪᠢᠭᠰᠠᠨ ᠨᠢᠭᠡ ᠤᠳᠠᠭ᠎ᠠ ᠶᠢᠨ ᠤᠯᠤᠰ ᠲᠦᠷᠦ ᠶᠢᠨ ᠶᠡᠭᠡ ᠰᠢᠯᠭᠠᠯᠲᠠ ᠪᠠ ᠰᠤᠷᠲᠠᠯ ᠤᠨ ᠶᠡᠭᠡ ᠰᠢᠯᠭᠠᠯᠲᠠ ᠪᠣᠯᠤᠨ᠎ᠠ᠂ ᠡᠷᠬᠡᠪᠰᠢ ᠡᠯ᠎ᠡ ᠵᠦᠢᠯ ᠤᠨ ᠠᠵᠢᠯ ᠢ ᠲᠦᠢᠯ ᠤᠨ ᠨᠠᠷᠢᠨ ᠬᠢᠨᠠᠮᠠᠭᠠᠢ ᠰᠠᠶᠢᠲᠤᠷ ᠬᠢᠵᠦ᠂ ᠨᠠᠷᠢᠨ ᠵᠦᠢᠯᠡᠰ ᠢ ᠴᠢᠬᠤᠯᠠᠴᠢᠯᠠᠵᠤ᠂ ᠪᠣᠳᠠᠲᠠᠢ ᠪᠣᠯᠪᠠᠰᠤᠷᠠᠯ ᠢ ᠴᠢᠬᠤᠯᠠᠴᠢᠯᠠᠵᠤ᠂ ᠲᠠᠬᠢᠨ ᠳᠠᠪᠲᠠᠨ ᠪᠣᠯᠪᠠᠰᠤᠷᠠᠬᠤ ᠶᠢ ᠴᠢᠬᠤᠯᠠᠴᠢᠯᠠᠵᠤ᠂ ᠠᠰᠠᠭᠤᠳᠠᠯ ᠢ ᠢᠯᠡᠷᠡᠭᠦᠯᠦᠨ ᠬᠥᠳᠡᠯᠦᠩᠭᠦᠢ ᠪᠠᠷ ᠰᠶᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠯᠭᠠᠯᠲᠠ ᠳᠤ ᠬᠤᠯᠪᠣᠭᠳᠠᠬᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ ᠲᠠᠯᠠᠪᠠᠢ ᠶᠢᠨ ᠳᠣᠲᠣᠨ᠎ᠠ ᠭᠠᠳᠠᠨᠠᠬᠢ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠪᠠ ᠨᠡᠶᠢᠭᠡᠮ ᠤᠨ ᠣᠷᠴᠢᠨ ᠤ ᠠᠮᠤᠷ ᠲᠦᠪᠰᠢᠨ ᠢ ᠰᠠᠶᠢᠲᠤᠷ ᠠᠳᠬᠤᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠃ ᠰᠢᠯᠭᠠᠭᠤᠯᠤᠭᠰᠠᠳ ᠤᠨ ᠪᠣᠳᠠᠲᠠᠶ ᠬᠡᠷᠡᠭᠴᠡᠭᠡ ᠠᠴᠠ ᠡᠭᠦᠰᠴᠦ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠱᠤᠤᠬᠢᠶᠠᠨ ᠤ ᠵᠠᠰᠠᠯᠲᠠ᠂ ᠢᠳᠡᠭᠡᠨ ᠤ ᠠᠮᠤᠷ ᠲᠦᠪᠰᠢᠨ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ᠂ ᠨᠠᠩ ᠣᠯᠠᠨ ᠳᠥᠭᠦᠮ ᠳᠥᠲᠡ ᠠᠷᠭ᠎ᠠ ᠬᠡᠮᠵᠢᠶ᠎ᠡ ᠪᠠ ᠰᠡᠳᠭᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠢ ᠪᠣᠶ ᠪᠣᠯᠭᠠᠬᠤ ᠬᠡᠷᠡᠭᠲᠡᠶ᠃ ᠵᠠᠮ ᠬᠠᠷᠢᠯᠴᠠᠭᠠᠨ ᠤ ᠬᠠᠮᠢᠶᠠᠷᠤᠯᠲᠠ᠂ ᠴᠠᠬᠢᠯᠭᠠᠨ ᠬᠦᠴᠦᠨ᠂ ᠴᠠᠭ ᠠᠭᠤᠷ ᠵᠡᠷᠭᠡ ᠰᠠᠯᠠᠭ᠎ᠠ ᠮᠥᠴᠢᠷ ᠤᠨ ᠬᠢᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠨ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠᠨ ᠴᠢᠩᠭᠠᠷᠠᠭᠤᠯᠵᠤ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠠᠵᠢᠯ ᠤᠨ ᠪᠡᠯᠡᠳᠭᠡᠯ ᠲᠥᠰᠦᠯ ᠢᠶᠠᠨ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠳᠡᠢ ᠰᠢᠯᠭᠠᠯᠲᠠ ᠶᠢᠨ ᠠᠮᠤᠷ ᠲᠦᠪᠰᠢᠨ ᠲᠣᠭᠲᠠᠭᠤᠨ᠂ ᠤᠷᠤᠭᠰᠢᠲᠠᠶ ᠪᠥᠭᠡᠳ ᠲᠡᠭᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号