ᠪᠠᠶᠠᠨᠭᠤᠣᠯ ᠰᠤᠮᠤᠨ ᠤ ᠤᠯᠤᠰ ᠲᠦᠷᠦ ᠶᠢᠨ ᠵᠥᠪᠯᠡᠯᠭᠡᠨ ︽ᠵᠡᠭᠦᠦ ᠰᠦᠪᠠᠯᠡᠵᠦ︾ ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ ︽ᠤᠲᠠᠰᠤ ᠲᠠᠲᠠᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠪᠠᠶᠢᠳᠠᠯ︾ ᠢ ᠡᠭᠦᠳᠪᠡ
ᠨᠡᠶᠢᠲᠡᠯᠡᠭᠰᠡᠨ ᠴᠠᠭ᠄
2025/5/23
    5 ᠰᠠᠷ᠎ᠠ ᠶᠢᠨ 21 ᠤ ᠡᠳᠦᠷ᠂ ᠪᠠᠶᠠᠨᠭᠤᠤᠯ ᠰᠤᠮᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠥᠷᠲᠡᠭᠡ ᠠᠩᠬ᠎ᠠ ᠤᠳᠠᠭ᠎ᠠ ︽ᠤᠯᠤᠰ ᠲᠥᠷᠥ ᠶᠢᠨ ᠵᠥᠪᠯᠡᠯᠭᠡᠨ +  ᠡᠯᠧᠺᠲᠷᠣᠨ ᠬᠤᠳᠠᠯᠳᠤᠭ᠎ᠠ︾ ᠶᠢᠨ ᠵᠥᠪᠯᠡᠯᠭᠡᠨ ᠤ ᠰᠢᠨ᠎ᠡ ᠵᠠᠭᠪᠤᠷ ᠢ ᠲᠤᠷᠰᠢᠵᠤ᠂ ︽ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ︾ ᠢᠶᠠᠷ ᠭᠤᠤᠯ ᠰᠡᠳᠦᠪ ᠪᠣᠯᠭᠠᠵᠤ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠶᠠᠷ ᠲᠥᠯᠥᠭᠡᠯᠡᠭᠴᠢ ᠨᠢᠭᠡ ᠭᠡᠰᠢᠭᠦᠨ᠂ ᠠᠵᠤ ᠦᠢᠯᠡᠰ ᠤᠨ ᠲᠥᠯᠥᠭᠡᠯᠡᠭᠴᠢ᠂ ᠰᠢᠭᠤᠳ ᠨᠡᠪᠲᠡᠷᠡᠭᠦᠯᠦᠭᠴᠢ ᠂ ᠭᠠᠵᠠᠷ ᠣᠷᠣᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠺᠣᠮᠫᠠᠨᠢ ᠶᠢ ᠤᠷᠢᠵᠤ ᠬᠠᠮᠲᠤ ᠪᠠᠷ ᠵᠥᠪᠳᠡᠯᠴᠡᠵᠦ᠂ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠵᠥᠪᠯᠡᠬᠦ ᠬᠤᠷᠠᠯ ᠢ ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠵᠢᠷᠤᠭ ᠢ ᠵᠢᠷᠣᠭᠯᠠᠪᠠ᠃
1.jpg
         ᠬᠤᠷᠠᠯ ᠳᠤ ᠣᠷᠣᠯᠴᠠᠭᠰᠠᠳ ᠶᠡᠷᠦᠩᠬᠡᠶ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠲᠤᠰᠬᠠᠶ ᠰᠡᠳᠦᠪᠲᠦ ᠵᠥᠪᠯᠡᠯᠭᠡᠨ ᠤ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠤ ᠴᠢᠭᠯᠡᠭᠦᠯᠦᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢ ᠥᠷᠨᠢᠭᠦᠯᠬᠦ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠪᠣᠯᠤᠨ ᠡᠬᠢ ᠪᠠᠶᠠᠯᠢᠭ ᠤᠨ ᠬᠡᠯᠪᠠᠶᠢᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠲᠠᠶᠢᠯᠪᠤᠷᠢᠯᠠᠪᠠ᠃ ᠡᠭᠦᠨ ᠤ ᠬᠠᠮᠲᠤ᠂ ᠰᠤᠮᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠥᠷᠲᠡᠭᠡ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠪᠣᠶ ᠪᠣᠯᠤᠭᠰᠠᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠳᠤ ᠲᠦᠰᠢᠭᠯᠡᠨ᠂ ᠰᠤᠮᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠪᠠ ᠠᠵᠤ ᠦᠢᠯᠡᠰ ᠤᠨ ᠲᠥᠪᠯᠡᠷᠡᠯ ᠤᠨ ᠣᠷᠣᠨ ᠤ ᠬᠥᠭᠵᠢᠯᠲᠡ ᠶᠢᠨ ᠳᠠᠪᠠᠭᠤᠯᠢᠭ ᠢ ᠲᠠᠨᠢᠯᠴᠠᠭᠤᠯᠵᠤ᠂ ︽ᠢᠨᠲ᠋ᠧᠷ ᠰᠦᠯᠵᠢᠶ᠎ᠡ ︾ ᠶᠢᠨ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ︽ᠤᠷᠤᠰᠬᠠᠯ ᠤᠨ ᠬᠡᠮᠵᠢᠶ᠎ᠡ ᠶᠢᠨ ᠠᠵᠤ ᠠᠬᠤᠶ ︾ ᠬᠢᠭᠡᠳ ᠬᠥᠳᠡᠭᠡ ᠲᠣᠰᠬᠤᠨ ᠤ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠪᠠ᠃
2.jpg
         ᠬᠤᠳᠠᠯᠳᠤᠭᠠᠨ ᠤ ᠰᠢᠭᠤᠳ ᠨᠡᠪᠲᠡᠷᠡᠭᠦᠯᠦᠭᠴᠢ  ᠶᠢᠨ ᠬᠥᠮᠦᠨ ᠤ ᠬᠦᠴᠦᠨ ᠢ ᠬᠡᠷᠬᠢᠨ ᠳᠠᠶᠢᠴᠢᠯᠠᠬᠤ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠭᠤᠤᠯ ᠵᠥᠪᠯᠡᠬᠦ ᠵᠦᠢᠯ ᠳᠤ ᠴᠢᠭᠯᠡᠭᠦᠯᠦᠨ᠂ ᠬᠤᠷᠠᠯ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠬᠥᠭᠵᠢᠶᠡᠨᠲᠡᠶ ᠶᠠᠷᠢᠯᠴᠠᠬᠤ ᠶᠢᠨ ᠬᠠᠮᠲᠤ ᠲᠡᠮᠡᠭᠡᠲᠦ ᠨᠤᠲᠤᠭ ᠤᠨ ᠣᠨᠴᠠᠯᠢᠭᠲᠤ ᠦᠢᠯᠡᠳᠬᠦᠨ ᠤ ᠡᠵᠡᠩᠨᠡᠨ ᠪᠣᠷᠣᠯᠠᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠢᠨᠵᠢᠯᠡᠪᠡ᠃ ᠭᠦᠨᠵᠡᠭᠡᠶ ᠰᠣᠯᠢᠯᠴᠠᠬᠤ ᠪᠠᠷ ᠳᠡᠮᠵᠢᠨ᠂ ᠬᠤᠷᠠᠯ ᠠᠴᠠ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠳᠠᠩᠰᠠᠯᠠᠬᠤ ᠪᠠ ᠳᠡᠯᠭᠡᠷᠡᠭᠦᠯᠬᠦ ᠶᠢ ᠠᠬᠢᠭᠤᠯᠬᠤ᠂ ︽ᠢᠨᠲ᠋ᠧᠷ ᠰᠦᠯᠵᠢᠶ᠎ᠡ + ᠪᠠᠷᠠᠭᠠᠨ ᠤ ᠭᠦᠢᠯᠭᠡᠭᠡ︾ ᠶᠢᠨ ᠳᠣᠭᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠶᠢ ᠪᠠᠭᠲᠠᠭᠠᠭᠰᠠᠨ ᠣᠯᠠᠨ ᠵᠦᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠡᠳᠬᠢᠮᠵᠢ ᠶᠢ ᠨᠢᠭᠲᠠᠷᠠᠭᠤᠯᠪᠠ᠃    ᠪᠠᠶᠠᠨᠭᠤᠣᠯ ᠰᠤᠮᠣᠨ ᠤ ᠠᠵᠤ ᠦᠢᠯᠡᠰ ᠤᠨ ᠲᠥᠯᠥᠭᠡᠯᠡᠭᠴᠢ ᠳ᠋ᠤᠸᠠᠨ ᠵᠢᠶᠠ ᠵᠢᠩ᠄ ︽ᠰᠢᠨ᠎ᠡ ᠴᠠᠭ ᠦᠶ᠎ᠡ ᠶᠢᠨ ᠠᠳᠠᠯ ᠦᠢᠯᠡᠰ ᠴᠣᠭᠴᠠᠯᠠᠬᠤ ᠡᠮᠡᠭᠲᠡᠢ ᠪᠣᠯᠤᠭᠰᠠᠨ ᠤ ᠬᠤᠪᠢ ᠳᠤ᠂  ᠡᠯᠧᠺᠲᠷᠣᠨ ᠬᠤᠳᠠᠯᠳᠤᠭᠠᠨ ᠤ ᠲᠠᠪᠴᠠᠩ ᠳᠤ ᠲᠦᠰᠢᠭᠯᠡᠵᠦ᠂ ᠤᠯᠠᠮᠵᠢᠯᠠᠯᠲᠤ ᠲᠡᠮᠡᠭᠡᠨ ᠤ ᠠᠵᠤ ᠦᠢᠯᠡᠰ ᠪᠠ ᠢᠨᠲ᠋ᠧᠷ ᠰᠦᠯᠵᠢᠶ᠎ᠡ ᠶᠢ ᠤᠶᠠᠯᠳᠤᠭᠤᠯᠵᠤ᠂ ᠰᠦᠯᠵᠢᠶᠡᠨ ᠳᠡᠭᠡᠷ᠎ᠡ ᠰᠢᠭᠤᠳ ᠪᠣᠷᠣᠯᠠᠭᠤᠯᠬᠤ ᠪᠠᠷ ᠳᠠᠮᠵᠢᠭᠤᠯᠤᠨ ᠲᠡᠵᠢᠭᠡᠨ ᠦᠷᠡᠵᠢᠭᠦᠯᠬᠦ ᠡᠷᠦᠬᠡ ᠳᠤ ᠥᠨᠳᠥᠷ ᠴᠢᠨᠠᠷᠲᠠᠶ ᠦᠨ᠎ᠡ ᠶᠢᠨ ᠬᠠᠷᠢᠴᠠᠯ ᠤᠨ ᠲᠡᠵᠢᠭᠡᠯ ᠪᠣᠷᠳᠤᠭ᠎ᠠ ᠬᠠᠩᠭᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠳᠤ ᠬᠦᠴᠦᠨ ᠨᠡᠮᠡᠷᠡᠯᠡᠨ᠎ᠠ︾ ᠭᠡᠪᠡ᠃
3.jpg
    ᠲᠣᠰ ᠤᠳᠠᠭᠠᠨ ᠤ ᠵᠥᠪᠳᠡᠯᠴᠡᠭᠡᠨ ᠤ ᠬᠤᠷᠠᠯ ᠨᠢ ᠪᠠᠶᠠᠨᠭᠤᠣᠯ ᠰᠤᠮᠣ ︽ᠲᠣᠭᠠᠴᠢᠯᠠᠭᠰᠠᠨ + ᠠᠵᠤ ᠦᠢᠯᠡᠰ︾ ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠬᠦ ᠳᠤ ᠦᠨᠳᠦᠰᠦᠨ ᠱᠠᠲᠤᠨ ᠤ ᠤᠶᠤᠨ ᠤᠬᠠᠭᠠᠨ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ︽ᠲᠡᠮᠡᠭᠡᠲᠦ ᠨᠤᠲᠤᠭ ᠤᠨ ᠪᠢᠴᠢᠯ ᠵᠥᠪᠳᠡᠯᠴᠡᠭᠡ︾ ᠳᠤ ᠴᠣ ᠰᠢᠨ᠎ᠡ ᠬᠦᠷᠢᠶ᠎ᠡ ᠶᠢ ᠥᠷᠭᠡᠳᠬᠡᠪᠡ᠃ ᠡᠯᠧᠺᠲᠷᠣᠨ ᠬᠤᠳᠠᠯᠳᠤᠭᠠᠨ ᠤ ᠲᠤᠭ᠎ᠠ ᠪᠠᠷᠢᠮᠲᠠ ᠶᠢᠨ ᠳᠠᠪᠠᠯᠭᠠᠨ ᠳᠡᠮᠡᠭᠡᠨ ᠳᠤ ᠣᠷᠣᠬᠤ ᠶᠢ ᠳᠠᠭᠠᠯᠳᠤᠨ᠂ ᠤᠯᠠᠮᠵᠢᠯᠠᠯᠲᠤ ᠠᠵᠤ ᠦᠢᠯᠡᠰ ᠬᠥᠭᠵᠢᠨ ᠮᠠᠨᠳᠤᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠰᠠᠶᠢᠨ ᠰᠠᠶᠢᠬᠠᠨ ᠵᠢᠷᠤᠭ ᠶᠠᠭ ᠠᠭᠠᠵᠢᠮ ᠢᠶᠠᠷ ᠳᠡᠯᠭᠡᠭᠳᠡᠵᠦ ᠪᠠᠶᠢᠨ᠎ᠠ᠃    ᠪᠠᠶᠠᠨᠭᠤᠤᠯ ᠰᠣᠮᠦᠨ ᠤ ᠨᠠᠮ ᠤᠨ ᠬᠤᠷᠢᠶᠠᠨ ᠤ ᠳᠡᠳ᠋ ᠱᠦᠵᠢ ᠬᠠᠨ ᠰᠢᠶᠤᠤ ᠮᠧᠶ᠄ ︽ᠲᠠᠷᠠᠭᠠᠴᠢ ᠶᠢᠨ ᠠᠯᠬᠤᠮ ᠳᠤ᠂ ᠪᠢᠳᠡ ᠪᠠᠰᠠ ︿ᠤᠯᠤᠰ ᠲᠥᠷᠥ ᠶᠢᠨ ᠵᠥᠪᠯᠡᠯᠭᠡᠨ + ᠡᠯᠧᠺᠲᠷᠣᠨ ᠬᠤᠳᠠᠯᠳᠤᠭ᠎ᠠ + ᠲᠠᠷᠢᠶᠠᠴᠢᠨ ᠡᠷᠦᠬᠡ﹀ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠳᠠᠭᠠᠭᠤᠯᠬᠤ᠂ ᠵᠠᠬᠢᠶᠠᠯᠠᠭ᠎ᠠ ᠶᠢᠨ ᠲᠠᠷᠢᠶᠠᠯᠠᠩ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠥᠷᠭᠡᠳᠬᠡᠵᠦ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠭᠦᠷ ᠪᠣᠯᠭᠠᠨ᠎ᠠ ︾  ᠭᠡᠪᠡ᠃         
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号