5 ᠰᠠᠷ᠎ᠠ ᠶᠢᠨ 22 ᠤᠨ ᠡᠳᠦᠷ᠂ ᠠᠯᠠᠱᠠ ᠪᠠᠷᠠᠭᠤᠨ ᠬᠤᠰᠢᠭᠤ ᠪᠣᠯᠤᠨ ᠳᠤᠮᠳᠠᠳᠤ ᠤᠯᠤᠰ ᠤᠨ ᠰᠢᠯᠵᠢᠮᠡᠯ | ᠬᠤᠯᠪᠣᠭᠠᠨ ᠤ ᠠᠯᠠᠱᠠ ᠶᠢᠨ ᠬᠤᠪᠢᠶᠠᠷᠢ ᠺᠣᠮᠫᠠᠨᠢ ᠲᠣᠭᠠᠴᠢᠯᠠᠭᠰᠠᠨ ᠤᠶᠤᠨᠴᠢᠯᠠᠯᠲᠠ ᠶᠢᠨ ᠪᠠᠶᠢᠭᠤᠯᠤᠯᠲᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠰᠠᠨ ᠪᠥᠭᠡᠳ ᠶᠠᠷᠢᠯᠴᠠᠨ ᠰᠠᠨᠠᠯ ᠢᠶᠠᠨ | ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠣᠰᠢᠭᠤ ᠳᠠᠷᠤᠭ᠎ᠠ ᠵᠢᠶᠠᠩ ᠪᠢᠩ ᠵᠢᠶᠧ᠂ | ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠠᠯᠠᠱᠠ ᠶᠢᠨ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢᠦ | ᠬᠠᠶ ᠪᠥᠸᠧ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠣᠰᠢᠭᠤ ᠳᠠᠷᠤᠭ᠎ᠠ ᠰᠢᠶᠧ ᠸᠧᠨ ᠵᠢᠤᠸᠠᠨ ᠬᠤᠷᠠᠯ ᠢ ᠡᠷᠭᠢᠯᠡᠪᠡ᠃ | | | | | | | ᠬᠤᠶᠠᠷ ᠲᠠᠯ᠎ᠠ ᠪᠠᠷ ᠢᠶᠠᠨ ᠣᠷᠳᠣ ᠬᠤᠭᠤᠴᠠᠭᠠᠨ ᠤ ᠲᠤᠷᠰᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ | ᠠᠯᠠᠱᠠ ᠪᠠᠷᠠᠭᠤᠨ ᠬᠤᠰᠢᠭᠤᠨ ᠤ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ | ᠠᠵᠤ ᠠᠬᠤᠶᠢᠯᠠᠯ ᠤᠨ ᠪᠣᠳᠠᠲᠤ ᠪᠠᠶᠢᠳᠠᠯ ᠪᠠ ᠮᠠᠨ ᠤ ᠬᠤᠰᠢᠭᠤᠨ ᠤ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠨ᠂ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ᠂ ᠣᠯᠠᠨ ᠨᠡᠶᠢᠲᠡ ᠶᠢᠨ | ᠦᠢᠯᠡᠴᠢᠯᠡᠭᠡᠨ ᠤ ᠦᠢᠯᠡᠰ ᠵᠡᠷᠭᠡ ᠡᠯ᠎ᠡ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠳᠤ | ᠥᠷᠭᠡᠨ ᠢᠶᠠᠷ ᠦᠢᠯᠡᠴᠢᠯᠡᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠪᠠᠲᠤ ᠪᠠᠬᠢ ᠲᠣᠭᠠᠴᠢᠯᠠᠯᠲᠠ᠂ ᠮᠡᠳᠡᠭᠡ ᠵᠠᠩᠭᠢᠵᠢᠯᠲᠠ ᠶᠢᠨ ᠰᠠᠭᠤᠷᠢ ᠶᠢ ᠬᠠᠩᠭᠠᠭᠰᠠᠨ ᠪᠠᠶᠢᠨ᠎ᠠ᠃ ᠲᠣᠰ ᠤᠳᠠᠭᠠᠨ ᠤ | ᠵᠥᠪᠳᠡᠯᠴᠡᠨ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠪᠤᠨ ᠶᠡᠭᠡ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠯᠠᠱᠠ ᠪᠠᠷᠠᠭᠤᠨ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠢᠳᠡᠪᠬᠢᠲᠡᠶ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ | ᠪᠠᠶᠢᠨ᠎ᠠ ᠭᠡᠵᠡᠶ᠃ | | | | | | | ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠠᠯᠠᠱᠠ ᠶᠢᠨ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠶ | ᠳᠠᠭᠠᠭᠠᠮᠠᠯ ᠯᠢᠦ ᠶᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠸᠧᠶ ᠵᠢᠶᠠᠨ ᠴᠦᠨ᠂ ᠳᠡᠳ᠋ ᠬᠣᠰᠢᠭᠤ ᠳᠠᠷᠤᠭ᠎ᠠ ᠫᠠᠨ ᠰᠢᠶᠤᠤ ᠢᠦᠶ᠂ ᠬᠤᠰᠢᠭᠤᠨ ᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠲᠤᠭ᠎ᠠ | ᠪᠦᠷᠢᠳᠬᠡᠯ ᠤᠨ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠢᠴᠢ ᠳᠤᠮᠳᠠᠳᠤ | ᠤᠯᠤᠰ ᠤᠨ ᠰᠢᠯᠵᠢᠮᠡᠯ ᠬᠤᠯᠪᠣᠭᠠᠨ ᠤ ᠠᠯᠠᠱᠠ ᠪᠠᠷᠠᠭᠤᠨ ᠬᠤᠰᠢᠭᠤᠨ ᠤ ᠬᠤᠪᠢᠶᠠᠷᠢ ᠺᠣᠮᠫᠠᠨᠢ ᠶᠢᠨ ᠭᠤᠤᠯ | ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | | |