5 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠬᠤᠸᠠᠩ ᡁᠢ ᠴᠢᠶᠠᠩ ᠪᠠᠢ ᠳ᠋ᠦ᠋ ᠣᠶᠤᠨᠲᠤ ᠡᠭᠦᠯᠡᠨ ᠠᠵᠤ ᠦᠢᠯᠡᠰ ᠤᠨ ᠰᠠᠭᠤᠷᠢᠨ᠂ ᠴᠤᠤᠷᠢᠶ᠎ᠠ | ᠪᠦᠯᠦᠭᠯᠡᠯ ︵ᠭᠦᠭᠡᠬᠤᠲᠠ︶ ᠤᠨ AI ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ | ᠪᠠᠶᠢᠴᠠᠭᠠᠨ ᠰᠤᠳᠤᠯᠵᠤ᠂ ᠳ᠋ᠠᠶᠢᠲ᠋ᠠ ᠶᠢ ᠲᠣᠳᠣᠷᠬᠠᠶᠢᠯᠠᠨ ᠲᠡᠮᠳᠡᠭᠯᠡᠬᠦ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ ᠢ ᠭᠦᠨᠵᠡᠭᠡᠢ ᠣᠶᠢᠯᠠᠭᠠᠪᠠ᠃ | ᠬᠤᠸᠠᠩ ᡁᠢ ᠴᠢᠶᠠᠩ᠂ ᠮᠠᠨ ᠤ ᠣᠷᠣᠨ ᠤ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ | ᠲᠤᠷᠰᠢᠯᠲᠠ ᠶᠢᠨ ᠣᠷᠣᠨ᠂ ᠪᠦᠭᠦ ᠤᠯᠤᠰ ᠤᠨ ᠨᠢᠭᠡ ᠴᠣᠭᠴᠠᠵᠢᠭᠰᠠᠨ ᠪᠣᠳᠣᠯᠲᠠ ᠶᠢᠨ ᠬᠦᠴᠦᠨ ᠤ ᠲᠣᠣᠷ | ᠰᠦᠯᠵᠢᠶ᠎ᠡ ᠶᠢᠨ ᠬᠦᠢᠰᠦ ᠵᠠᠩᠭᠢᠯᠠᠭ᠎ᠠ ᠶᠢᠨ ᠴᠡᠭ ᠵᠡᠷᠭᠡ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠳ᠋ᠠᠶᠢᠲ᠋ᠠ ᠶᠢ | ᠴᠤᠭᠯᠠᠭᠤᠯᠬᠤ᠂ ᠪᠤᠯᠪᠠᠰᠤᠷᠠᠭᠤᠯᠬᠤ᠂ ᠲᠣᠳᠣᠷᠬᠠᠶᠢᠯᠠᠨ ᠲᠡᠮᠳᠡᠭᠯᠡᠬᠦ᠂ ᠵᠠᠳᠠᠯᠤᠯᠲᠠ ᠬᠢᠬᠦ ᠵᠡᠷᠭᠡ ᠰᠢᠨ᠎ᠡ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠮᠡᠷᠭᠡᠵᠢᠯ ᠪᠠ ᠣᠶᠤᠨ ᠤ ᠮᠡᠷᠭᠡᠵᠢᠯ ᠤᠨ ᠠᠭᠤᠰᠤᠯᠴᠠᠯ᠂ | ᠲᠣᠭᠠᠴᠢᠯᠠᠭᠰᠠᠨ ᠮᠡᠷᠭᠡᠵᠢᠯ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠯ ᠢ ᠠᠬᠢᠭᠤᠯᠵᠤ᠂ | ᠵᠣᠬᠢᠶᠠᠮᠠᠯ ᠣᠶᠤᠨ ᠴᠢᠳᠠᠪᠤᠷᠢ᠂ ᠪᠣᠳᠣᠯᠲᠠ ᠶᠢᠨ ᠬᠦᠴᠦᠨ ᠤ ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠬᠦ ᠶᠢ | ᠠᠬᠢᠭᠤᠯᠬᠤ ᠬᠡᠷᠡᠭᠲᠡᠢ᠃ ᠳ᠋ᠠᠶᠢᠲ᠋ᠠ ᠶᠢ ᠲᠣᠳᠣᠷᠬᠠᠶᠢᠯᠠᠨ ᠲᠡᠮᠳᠡᠭᠯᠡᠬᠦ ᠠᠵᠤ ᠦᠢᠯᠡᠰ ᠢ ᠬᠦᠴᠦᠯᠡᠨ ᠬᠥᠭᠵᠢᠭᠦᠯᠵᠦ᠂ | ᠳ᠋ᠠᠶᠢᠲ᠋ᠠ ᠶᠢ ᠲᠣᠳᠣᠷᠬᠠᠶᠢᠯᠠᠨ ᠲᠡᠮᠳᠡᠭᠯᠡᠬᠦ ᠠᠵᠤ ᠦᠢᠯᠡᠰ ᠢ ᠮᠠᠨ ᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠰᠢᠨ᠎ᠡ ︽ᠲᠤᠯᠬᠤ ᠴᠡᠭ︾ ᠪᠤᠯᠭᠠᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠭᠦᠨᠵᠡᠭᠡᠢ ᠰᠠᠶᠢᠲᠤᠷ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠢᠶᠠᠷ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢ ᠳᠡᠮᠵᠢᠬᠦ ᠬᠠᠮ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠠᠵᠤ ᠦᠢᠯᠡᠰ ᠵᠢᠭᠠᠨ | ᠰᠤᠷᠭᠠᠯᠲᠠ ᠶᠢᠨ ᠠᠭᠤᠰᠤᠯᠴᠠᠯ ᠢ ᠴᠢᠩᠭᠠᠳᠬᠠᠵᠤ᠂ ᠪᠦᠭᠦ ᠬᠡᠯᠬᠢᠶ᠎ᠡ ᠶᠢᠨ ᠦᠢᠯᠡᠴᠢᠯᠡᠭᠡ ᠶᠢ ᠰᠠᠶᠢᠲᠤᠷ ᠬᠢᠵᠦ᠂ | ᠰᠢᠨ᠎ᠡ ᠠᠵᠤ ᠠᠬᠤᠶᠢᠯᠠᠯ ᠢ ᠪᠤᠶᠢᠵᠢᠭᠤᠯᠵᠤ᠂ ᠰᠢᠨ᠎ᠡ ᠠᠵᠢᠯ ᠣᠯᠭᠤᠯᠲᠠ ᠶᠢ ᠡᠭᠦᠳᠬᠦ ᠬᠡᠷᠡᠭᠲᠡᠢ ᠭᠡᠪᠡ᠃ | |