ᠰᠢ ᠶᠢᠨ ᠫᠢᠩ ᠶᠡᠷᠦᠩᠬᠡᠶ ᠱᠦᠵᠢ ᠶᠢᠨ ᠰᠤᠷᠲᠠᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ | ᠭᠦᠨᠵᠡᠭᠡᠶ ᠰᠤᠷᠤᠯᠴᠠᠨ ᠲᠤᠭᠣᠰᠢᠯᠠᠭᠤᠯᠵᠣ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ | ᠪᠠ ᠦᠢᠯᠡᠴᠢᠯᠡᠭᠡᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 28 ᠤ | ᠡᠳᠦᠷ᠂ ᠮᠠᠨᠳᠤᠯ ᠰᠣᠮᠣᠨ ᠤ ᠪᠠᠶᠢᠭᠤᠯᠭ᠎ᠠ ᠶᠢᠨ ᠨᠠᠮ ᠤᠨ ᠡᠭᠦᠷ ︽ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢᠨ | ᠴᠥᠬᠦᠷᠡᠰᠢ ᠥᠬᠡᠶ ᠣᠪᠣᠷ ᠰᠤᠷᠲᠠᠯ ᠢᠶᠠᠨ ᠬᠤᠪᠢᠷᠠᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠥᠷᠨᠢᠭᠦᠯᠪᠡ᠃ | | | | | | | | ᠠᠵᠢᠯᠯᠠᠭ᠎ᠠ ᠶᠢᠨ ᠳᠤᠮᠳᠠ᠂ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ᠂ ᠨᠠᠮ ᠳᠤ | ᠣᠷᠣᠬᠤ ᠢᠳᠡᠪᠬᠢᠲᠡᠨ ᠵᠡᠷᠭᠡ ᠬᠥᠮᠦᠰ ᠱᠠᠯᠠ ᠶᠢᠨ ᠬᠤᠳᠳᠤᠭ ︵板滩井︶ ᠤᠨ ᠲᠠᠷᠢᠶᠠᠯᠠᠩ ᠤᠨ | ᠴᠡᠭ ᠲᠤ ᠬᠦᠷᠴᠦ ᠲᠠᠷᠢᠶᠠᠯᠠᠩ ᠢ ᠲᠤᠰᠠᠯᠠᠬᠤ ᠰᠠᠶᠢᠨ ᠲᠤᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ | ᠰᠠᠶᠢᠨ ᠲᠤᠷᠠᠴᠤᠳ ᠤᠨ ᠦᠢᠯᠡᠴᠢᠯᠡᠭᠴᠢᠳ ᠪᠠᠭᠠᠵᠢ ᠬᠡᠷᠡᠭᠰᠡᠯ ᠢᠶᠠᠨ ᠠᠪᠴᠤ ᠲᠠᠷᠢᠶᠠᠨ ᠭᠠᠵᠠᠷ ᠲᠤ ᠬᠦᠷᠴᠦ᠂ | ᠲᠠᠷᠢᠶᠠᠴᠢᠨ ᠡᠷᠦᠬᠡ ᠶᠢᠨ ᠵᠢᠯᠤᠭᠤᠳᠤᠯᠭ᠎ᠠ ᠳᠣᠣᠷ᠎ᠠ᠂ ᠲᠠᠷᠢᠶᠠᠯᠠᠭ᠎ᠠ ᠶᠢᠨ ᠴᠠᠭ ᠢ ᠠᠮᠵᠢᠨ᠂ ᠬᠥᠳᠡᠯᠮᠦᠷᠢ ᠬᠦᠴᠦ | ᠳᠤᠲᠠᠭᠳᠠᠵᠤ ᠪᠠᠶᠢᠭ᠎ᠠ ᠲᠠᠷᠢᠶᠠᠴᠢᠨ ᠡᠷᠦᠬᠡ ᠳᠤ 300 ᠭᠠᠷᠤᠢ ᠭᠤᠸ᠎ᠠ ᠶᠢᠨ ᠴᠢᠬᠢ ᠰᠠᠭᠤᠯᠭᠠᠪᠠ᠃ ᠡᠨᠡ | ᠬᠤᠭᠤᠴᠠᠭᠠᠨ ᠳᠤ᠂ ᠰᠠᠶᠢᠨ ᠲᠤᠷᠠᠴᠤᠳ ᠤᠨ ᠦᠢᠯᠡᠴᠢᠯᠡᠭᠴᠢᠳ 10 ᠭᠠᠷᠤᠶ ᠮᠥ ᠬᠠᠶᠠᠭᠳᠠᠮᠠᠯ ᠬᠠᠭᠤᠴᠢᠨ | ᠰᠦᠯᠢᠶᠣᠣ ᠪᠦᠷᠬᠦᠪᠴᠢ ᠶᠢ ᠲᠡᠭᠦᠵᠦ᠂ ᠲᠠᠷᠢᠶᠠᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠤᠯᠠᠮ | ᠨᠢᠭᠡ ᠠᠯᠬᠤᠮ ᠰᠠᠶᠢᠵᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠲᠠᠷᠢᠶᠠᠯᠠᠩ ᠤᠨ ᠦᠢᠯᠡᠳᠪᠦᠷᠢᠯᠡᠯ ᠳᠤ ᠬᠦᠴᠦᠨ | ᠨᠡᠮᠡᠷᠢᠯᠡᠪᠡ᠃ | | | | | | | ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠲᠠᠷᠢᠶᠠᠯᠠᠩ ᠢ ᠲᠤᠰᠠᠯᠠᠬᠤ ᠰᠠᠶᠢᠨ | ᠲᠤᠷᠠᠴᠤᠳᠤᠨᠦᠢᠯᠡᠴᠢᠯᠡᠭᠡᠨ ᠤ ᠬᠡᠯᠪᠡᠷᠢ ᠪᠠᠷ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ | ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠨᠠᠮ ᠤᠨ ᠭᠡᠰᠢᠭᠦᠨ ᠤ ᠣᠯᠠᠨ ᠲᠦᠮᠡᠨ ᠳᠤ ᠦᠢᠯᠡᠴᠢᠯᠡᠬᠦ | ᠤᠬᠠᠮᠰᠠᠷ ᠪᠠ ᠴᠢᠳᠠᠪᠤᠷᠢ ᠶᠢ ᠴᠢᠩᠭᠠᠳᠬᠠᠵᠤ᠂ ᠣᠯᠠᠨ ᠢᠶᠠᠷ ᠢᠶᠠᠨ ᠪᠡᠶ᠎ᠡ ᠪᠠᠷ ᠢᠶᠠᠨ ᠬᠡᠷᠡᠭᠵᠢᠭᠦᠯᠬᠦ ᠠᠷᠭ᠎ᠠ | ᠬᠡᠯᠪᠡᠷᠢ ᠪᠠᠷ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ | ᠪᠠᠶᠢᠳᠠᠯ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ | | | | | | |