ᠬᠤᠸᠠᠩ ᠶᠠ ᠯᠢ ᠦᠶᠡᠷ ᠢ ᠰᠡᠷᠭᠡᠶᠢᠯᠡᠬᠦ ᠪᠠ ᠤᠰᠤ ᠠᠷᠪᠢᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/28
    5 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠦᠶᠡᠷ ᠢ ᠰᠡᠷᠭᠡᠶᠢᠯᠡᠬᠦ᠂ ᠤᠰᠤ ᠠᠷᠪᠢᠯᠠᠬᠤ ᠠᠵᠢᠯᠯᠠᠭ᠎ᠠ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠣᠪᠣᠭ᠎ᠠ ᠶᠢᠨ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠤᠨ ᠠᠬᠤᠢ ᠲᠠᠯᠠᠪᠠᠢ ᠳᠤ᠂ ᠬᠤᠸᠠᠩ ᠶᠠ ᠯᠢ ᠲᠦᠷᠦᠯ ᠵᠦᠢᠯ ᠤᠨ ᠲᠥᠯᠦᠪᠵᠢᠭᠦᠯᠭᠡ᠂ ᠪᠡᠯᠡ ᠣᠷᠣᠭᠤᠯᠤᠯᠲᠠ ᠶᠢᠨ ᠲᠥᠰᠥᠪ᠂ ᠦᠶᠡᠷ ᠤᠨ ᠤᠰᠤ ᠶᠢ ᠬᠤᠪᠢᠶᠠᠨ ᠬᠠᠳᠠᠭᠠᠯᠠᠬᠤ ᠴᠢᠳᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠠᠵᠠᠷ ᠤᠨ ᠪᠠᠶᠢᠴᠠ᠂ ᠪᠣᠷᠤᠭ᠎ᠠ ᠣᠷᠣᠬᠤ ᠪᠠ ᠨᠢᠭᠡᠨᠲᠡ ᠪᠠᠶᠢᠭ᠎ᠠ ᠦᠶᠡᠷ ᠢ ᠰᠡᠷᠭᠡᠶᠢᠯᠡᠬᠦ ᠲᠥᠬᠦᠭᠡᠷᠦᠮᠵᠢ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ ᠣᠷᠣᠨ ᠲᠣᠭᠤᠷᠢᠭ ᠤᠨ ᠠᠮᠢ ᠠᠬᠤᠢ ᠶᠢ ᠵᠠᠰᠠᠬᠤ ᠪᠠ ᠤᠰᠤ ᠠᠷᠪᠢᠯᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠬᠠᠰᠢᠯᠭ᠎ᠠ ᠳᠠᠯᠠᠩ ᠵᠢᠴᠢ ᠦᠶᠡᠷ ᠤᠨ ᠤᠰᠤ ᠶᠢ ᠬᠠᠳᠠᠭᠠᠯᠠᠬᠤ ᠬᠥᠮᠥᠷᠭᠡ ᠵᠡᠷᠭᠡ ᠦᠶᠡᠷ ᠢ ᠰᠡᠷᠭᠡᠶᠢᠯᠡᠬᠦ ᠢᠨᠵᠧᠨᠧᠷᠢᠩ ᠤᠨ ᠤᠳᠤᠬᠢᠴᠢᠯᠠᠭᠰᠠᠨ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠣᠪᠣᠭ᠎ᠠ ᠶᠢᠨ ᠭᠤᠣᠯ ᠤᠨ ᠢᠨᠵᠧᠨᠧᠷᠢᠩ ᠤᠨ ᠦᠶᠡᠷ ᠤᠨ ᠤᠰᠤ ᠶᠢ ᠬᠤᠪᠢᠶᠠᠨ ᠬᠠᠳᠠᠭᠠᠯᠠᠬᠤ ᠴᠢᠳᠠᠪᠤᠷᠢ ᠶᠢ ᠳᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠲᠦᠷᠦᠯ ᠵᠦᠢᠯ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠡᠯ᠎ᠡ ᠵᠠᠩᠭᠢᠯᠠᠭ᠎ᠠ ᠶᠢᠨ ᠪᠣᠭᠤᠮᠲᠠ ᠶᠢ ᠴᠢᠩᠭ᠎ᠠ ᠡᠵᠡᠮᠳᠡᠨ᠂ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤ ᠵᠠᠷᠤᠴᠠᠭᠤᠯᠵᠤ ᠂ ᠴᠢᠨᠠᠷ ᠰᠠᠶᠢᠲᠠᠢ ᠬᠡᠷᠡᠭᠵᠢᠭᠦᠯᠤᠨ᠂ ᠵᠢᠵᠢᠭ ᠰᠠᠪᠠ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠰᠠᠶᠢᠲᠤᠷ ᠪᠦᠲᠦᠭᠡᠨ ᠪᠠᠶᠢᠭᠤᠯᠵᠤ᠂ ︽ᠠᠮᠤᠷ ᠲᠦᠪᠰᠢᠨ︾ ᠢ ᠪᠠᠲᠤᠯᠠᠬᠤ ᠶᠢᠨ ᠬᠠᠮᠲᠤ ᠪᠣᠷᠣᠭᠠᠨ ᠤ ᠣᠰᠣᠨ ᠤ ᠡᠬᠢ ᠪᠠᠶᠠᠯᠢᠭ ᠢ ᠭᠦᠢᠴᠡᠳ ᠠᠰᠢᠭᠯᠠᠬᠤ ᠬᠡᠷᠡᠭᠲᠡᠢ ᠭᠡᠪᠡ᠃    ᠪᠤᠭᠤᠲᠤ ᠶᠢᠨ ᠤᠰᠤᠨ ᠴᠥᠭᠦᠷᠥᠮ ᠪᠣᠯᠣᠨ ᠮᠦᠷᠡᠨᠭᠤᠣᠯ ᠤᠨ ᠤᠰᠤᠨ ᠴᠥᠭᠦᠷᠥᠮ ᠳᠤ᠂ ᠬᠤᠸᠠᠩ ᠶᠠ ᠯᠢ ᠤᠰᠤᠨ ᠴᠥᠭᠦᠷᠥᠮ ᠤᠨ ᠤᠰᠤ ᠬᠠᠳᠠᠭᠠᠯᠠᠬᠤ ᠬᠡᠮᠵᠢᠶ᠎ᠡ᠂ ᠬᠠᠰᠢᠯᠭ᠎ᠠ ᠲᠡᠯᠡᠩ ᠢ ᠪᠠᠬᠢᠯᠡᠬᠦ ᠠᠵᠢᠯ ᠤᠨ ᠪᠠᠶᠢᠳᠠᠯ ᠢ ᠨᠠᠷᠢᠨ ᠣᠶᠢᠯᠠᠭᠠᠵᠠᠢ᠃ ᠲᠡᠷᠡ᠂ ︽ᠭᠡᠨᠡᠳᠲᠡ ᠶᠢᠨ ᠦᠶᠡᠷ ᠤᠨ ᠭᠠᠮᠰᠢᠭ ᠡᠭᠦᠰᠬᠦ ᠶᠢ ᠰᠡᠷᠭᠡᠶᠢᠯᠡᠬᠦ︾ ᠠᠵᠢᠯ ᠢ ᠴᠢᠩᠭ᠎ᠠ ᠠᠳᠬᠤᠨ᠂ ᠤᠰᠤᠨ ᠴᠥᠭᠦᠷᠥᠮ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠥᠨᠳᠥᠷ ᠪᠠᠷᠢᠮᠵᠢᠶ᠎ᠠ ᠪᠠᠷ ᠠᠬᠢᠭᠤᠯᠤᠨ᠂ ᠬᠠᠰᠢᠯᠭ᠎ᠠ ᠰᠡᠳᠡᠷᠡᠬᠦ ᠶᠢ ᠰᠡᠷᠭᠡᠶᠢᠯᠡᠬᠦ᠂ ᠬᠠᠰᠢᠯᠭ᠎ᠠ ᠶᠢ ᠪᠠᠬᠢᠯᠡᠬᠦ᠂ ᠦᠶᠡᠷ ᠤᠨ ᠤᠰᠤ ᠶᠢ ᠬᠤᠪᠢᠶᠠᠷᠢᠯᠠᠬᠤ ᠬᠤᠭᠤᠯᠠᠢ ᠶᠢ ᠰᠢᠨ᠎ᠡ ᠪᠠᠷ ᠪᠠᠶᠢᠭᠤᠯᠬᠤ᠂ ᠮᠡᠳᠡᠭᠡ ᠵᠠᠩᠭᠢᠵᠢᠯᠲᠠ ᠶᠢᠨ ᠬᠢᠨᠠᠨ ᠡᠵᠡᠮᠳᠡᠬᠦ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠨ᠂ ᠡᠳᠦᠷ ᠳᠤᠳᠤᠮ ᠤᠨ ᠬᠢᠨᠠᠯᠳᠠ ᠬᠠᠮᠢᠶᠠᠷᠤᠯᠳᠠ᠂ ᠲᠣᠭᠤᠷᠢᠨ ᠬᠠᠮᠠᠭᠠᠯᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠬᠡᠶᠢᠯᠡᠬᠦ ᠠᠵᠢᠯ ᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤᠨᠢ ᠪᠠᠶᠢᠴᠠᠭᠠᠨ ᠴᠡᠭᠴᠡᠯᠡᠵᠦ᠂ ᠤᠰᠤᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃    ᠠᠶᠢᠮᠠᠭ ᠤᠨ ᠤᠳᠤᠷᠢᠳᠤᠯᠭ᠎ᠠ ᠸᠧᠢ ᡁᠢ ᠭᠦᠸᠧ᠂ ᠯᠢᠦ ᠳ᠋ᠧ ᠪᠠᠷ᠎ᠠ ᠪᠤᠯᠵᠦ ᠪᠠᠶᠢᠴᠠᠭᠠᠨ ᠰᠤᠳᠤᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号