5 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠣᠰᠢᠭᠤ ᠳᠠᠷᠤᠭ᠎ᠠ | ᠵᠢᠶᠠᠩ ᠪᠢᠩ ᠵᠢᠶᠧ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ | 41 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠭᠦᠢᠵᠧᠦ᠂ ᠶᠦᠨᠨᠠᠨ᠂ ᠾᠧᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠣᠰᠢᠯᠠᠭᠤᠯᠬᠤ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ ᠨᠢᠭᠡ | ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠪᠣᠯᠤᠨ ᠭᠤᠤᠯᠳᠠᠯᠭ᠎ᠠ ᠲᠠᠢ ᠠᠵᠢᠯ ᠢ ᠬᠤᠶᠠᠷ ᠲᠠᠯ᠎ᠠ ᠪᠠᠷ | ᠠᠳᠬᠤᠬᠤ᠂ ᠬᠤᠶᠠᠷ ᠲᠠᠯ᠎ᠠ ᠪᠠᠷ ᠠᠬᠢᠭᠤᠯᠬᠤ ᠶᠢ ᠪᠠᠷᠢᠮᠲᠠᠯᠠᠵᠤ᠂ ᠰᠢᠯᠢᠳᠡᠭ ᠰᠤᠷᠲᠠᠯ ᠢᠶᠠᠷ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ︽ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠠᠷᠭ᠎ᠠ︾᠂ ︽ | ᠬᠦᠨᠳᠦ ᠶᠡᠭᠡ ᠢᠳᠡᠭᠡᠨ ᠤ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠠᠷᠭ᠎ᠠ︾ ᠵᠢᠴᠢ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠢᠢᠷ᠎ᠠ ᠶᠢᠨ ᠬᠤᠭᠤᠴᠠᠭᠠᠨ ᠤ | ᠤᠯᠤᠰ ᠤᠨ ᠳᠣᠲᠣᠭᠠᠳᠤ ᠶᠢᠨ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠢ | ᠰᠢᠩᠭᠡᠭᠡᠨ ᠠᠪᠴᠤ᠂ ᠵᠠᠮ ᠬᠠᠷᠢᠯᠴᠠᠭ᠎ᠠ᠂ ᠵᠤᠭᠠᠴᠠᠯ ᠤᠨ ᠦᠵᠡᠮᠵᠢ ᠶᠢᠨ ᠣᠷᠣᠨ᠂ ᠠᠶᠤᠯᠲᠠᠢ ᠬᠢᠮᠢ ᠶᠢᠨ ᠠᠵᠤ | ᠦᠢᠯᠡᠳᠪᠦᠷᠢ᠂ ᠢᠳᠡᠭᠡᠨ ᠡᠮ ᠤᠨ ᠵᠦᠢᠯᠡᠰ᠂ ᠪᠠᠭᠤᠳᠠᠯ ᠤᠨ ᠬᠤᠳᠠᠯᠳᠤᠭᠠᠨ ᠤ ᠬᠡᠳᠦ ᠳᠡᠯᠭᠡᠭᠦᠷ ᠵᠡᠷᠭᠡ | ᠭᠤᠣᠯᠳᠠᠯᠭ᠎ᠠ ᠲᠠᠢ ᠬᠦᠷᠢᠶ᠎ᠡ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ᠂ ᠪᠣᠯᠪᠠᠰᠤᠷᠠᠯ ᠤᠬᠠᠭᠤᠯᠭ᠎ᠠ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠨᠢᠭᠡ | ᠮᠥᠴᠡ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ | ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠦᠨᠳᠦᠰᠦᠨ ᠰᠡᠳᠬᠢᠮᠵᠢ ᠶᠢ ᠰᠣᠨᠣᠰᠴᠤ᠂ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠭᠤᠤᠯᠳᠠᠯᠭ᠎ᠠ ᠲᠠᠢ ᠡᠭᠦᠷᠭᠡ ᠬᠠᠷᠠᠯᠲᠠ᠂ ᠭᠤᠤᠯᠳᠠᠯᠭ᠎ᠠ ᠲᠠᠢ ᠭᠠᠷᠳᠠᠴᠠ ᠠᠷᠭ᠎ᠠ ᠬᠡᠮᠵᠢᠶ᠎ᠡ᠂ ᠭᠤᠤᠯᠳᠠᠯᠭ᠎ᠠ ᠲᠠᠢ | ᠲᠥᠷᠥᠯ ᠵᠦᠢᠯ ᠤᠨ ᠨᠠᠷᠢᠨ ᠲᠠᠩᠰᠠ ᠶᠢ ᠪᠥᠬᠦ ᠲᠠᠯ᠎ᠠ ᠪᠠᠷ ᠰᠢᠰᠲ᠋ᠧᠮ ᠲᠠᠢ ᠲᠥᠯᠥᠪᠵᠢᠭᠦᠯᠦᠨ ᠲᠣᠭᠲᠠᠭᠠᠵᠤ᠂ | ᠡᠭᠦᠳᠡ ᠪᠠᠨ ᠨᠡᠭᠡᠭᠡᠵᠦ ᠲᠥᠷᠥ ᠶᠢᠨ ᠪᠣᠳᠣᠯᠭ᠎ᠠ ᠶᠢ ᠠᠰᠠᠭᠤᠬᠤ᠂ ᠣᠶᠤᠨ ᠤᠬᠠᠭᠠᠨ ᠢ ᠲᠥᠪᠯᠡᠷᠡᠭᠦᠯᠬᠦ ᠶᠢ | ᠪᠠᠷᠢᠮᠲᠠᠯᠠᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠯᠣᠭᠤᠳᠬᠤ ᠴᠢᠨᠠᠷ᠂ ᠦᠷᠭᠦᠯᠵᠢᠯᠡᠬᠦ ᠴᠢᠨᠠᠷ ᠪᠠ | ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠲᠤᠯᠠᠵᠤ᠂ ᠦᠨᠡᠨ ᠬᠦ ᠥᠨᠳᠥᠷ ᠲᠦᠪᠰᠢᠨ ᠪᠥᠬᠦᠶ ᠲᠥᠯᠥᠪᠵᠢᠭᠦᠯᠭᠡ ᠪᠠᠷ | ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠰᠤᠳᠤᠯᠵᠤ᠂ ᠬᠠᠷᠠᠯᠲᠠ ᠶᠢᠨ ᠤᠳᠤᠷᠢᠳᠤᠮᠵᠢ ᠶᠢ | ᠲᠤᠪᠤᠶᠢᠯᠭᠠᠵᠤ᠂ ᠡᠯ᠎ᠡ ᠵᠦᠢᠯ ᠤᠨ ᠡᠭᠦᠷᠭᠡ ᠶᠢ ᠴᠢᠩᠭ᠎ᠠ ᠲᠦᠷᠭᠡᠨ ᠪᠣᠳᠠᠲᠠᠢ ᠰᠠᠶᠢᠲᠤᠷ ᠠᠳᠬᠤᠵᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |