2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠣᠶᠢᠷᠠᠲᠤᠬᠤ ᠲᠠᠰᠢᠷᠠᠮ ᠳᠤ᠂ ᠰᠢᠯᠭᠠᠯᠲᠠ ᠪᠠᠷ ᠰᠣᠷᠣᠬᠴᠢ ᠡᠯᠰᠡᠬᠦ ᠡᠮᠬᠢ ᠵᠢᠷᠤᠮ ᠢ ᠬᠠᠮᠠᠭᠠᠯᠠᠨ᠂ | ᠰᠢᠯᠭᠠᠯᠲᠠ ᠶᠢᠨ ᠣᠷᠴᠢᠨ ᠲᠣᠭᠤᠷᠢᠨ ᠢ ᠴᠡᠪᠡᠷᠰᠢᠭᠦᠯᠵᠦ᠂ ᠰᠢᠯᠭᠠᠭᠤᠯᠤᠭᠴᠢ ᠵᠢᠴᠢ ᠭᠡᠷ ᠤᠨ ᠠᠬᠠᠮᠠᠳ ᠤᠨ ᠡᠷᠬᠡ | ᠠᠰᠢᠭ ᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ︽ᠪᠦᠭᠦ ᠣᠷᠣᠨ ᠤ ᠰᠢᠯᠭᠠᠯᠲᠠ ᠳᠤ ᠬᠤᠯᠪᠣᠭᠳᠠᠬᠤ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠳᠤ ᠮᠡᠳᠡᠭᠳᠡᠬᠦ ᠪᠢᠴᠢᠭ︾ ᠨᠡᠶᠢᠲᠡᠯᠡᠵᠦ᠂ ᠰᠢᠯᠭᠠᠯᠲᠠ ᠳᠤ ᠬᠤᠯᠪᠣᠭᠳᠠᠬᠤ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ︽ | ᠠᠮᠤᠷ ᠲᠦᠪᠰᠢᠨ ᠤᠯᠤᠰ ᠤᠨ ᠨᠢᠭᠡᠳᠦᠯᠲᠡᠢ ᠰᠢᠯᠭᠠᠯᠲᠠ︾ ᠶᠢᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ | ᠪᠠᠲᠤᠯᠠᠨ᠎ᠠ ᠭᠡᠪᠡ᠃ | ᠮᠡᠳᠡᠭᠳᠡᠯ ᠤᠨ ᠪᠢᠴᠢᠭ ᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠤᠭᠤᠳ | ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠂ ᠬᠤᠳᠠᠯ ᠬᠠᠭᠤᠷᠮᠠᠭ ᠤᠬᠠᠭᠤᠯᠭ᠎ᠠ ᠬᠢᠵᠦ᠂ | ᠪᠣᠯᠪᠠᠰᠤᠷᠠᠯ ᠤᠨ ᠦᠷ᠎ᠡ ᠪᠦᠲᠦᠮᠵᠢ ᠶᠢ ᠥᠰᠬᠡᠭᠡᠨ ᠳᠥᠰᠬᠡᠭᠡᠨ ᠲᠠᠢ ᠶᠠᠷᠢᠵᠤ ᠰᠤᠷᠤᠬᠴᠢ ᠪᠠ ᠭᠡᠷ ᠤᠨ ᠠᠬᠠᠮᠠᠳ ᠢ | ᠪᠤᠷᠤᠭᠤ ᠪᠠᠷ ᠬᠥᠲᠥᠯᠥᠨ ᠵᠢᠯᠤᠭᠤᠳᠴᠤ ᠪᠤᠯᠬᠤ ᠦᠭᠡᠢ᠃ ᠰᠢᠯᠭᠠᠯᠲᠠ ᠳᠤ ᠭᠡᠮ ᠬᠢᠬᠦ ᠶᠢ ᠵᠣᠬᠢᠶᠠᠨ ᠪᠠᠶᠢᠭᠤᠯᠬᠤ | ᠪᠤᠶᠤ ᠤᠷᠤᠯᠴᠠᠵᠤ ᠪᠤᠯᠬᠤ ᠦᠭᠡᠢ᠂ ᠰᠢᠯᠭᠠᠯᠲᠠ ᠳᠤ ᠬᠤᠯᠪᠣᠭᠳᠠᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠶᠢ | ᠵᠣᠬᠢᠶᠠᠬᠤ᠂ ᠤᠯᠠᠮᠵᠢᠯᠠᠨ ᠲᠠᠷᠬᠠᠭᠠᠬᠤ᠂ ᠰᠤᠷᠭᠠᠨ ᠬᠥᠮᠦᠵᠢᠯ ᠤᠨ ᠰᠠᠨᠠᠭᠠᠰᠢᠷᠠᠯ ᠪᠤᠯᠬᠤ ᠶᠢ ᠴᠢᠩᠭ᠎ᠠ ᠴᠠᠭᠠᠵᠠᠯᠠᠨ᠎ᠠ᠃ | ᠡᠭᠦᠨ ᠤ ᠬᠠᠮᠲᠤ᠂ ︽ᠰᠢᠯᠭᠠᠯᠲᠠ ᠶᠢᠨ ᠰᠡᠳᠦᠪ︾᠂ ︽ᠰᠡᠳᠦᠪ ᠤᠨ ᠬᠠᠷᠢᠭᠤᠯᠲᠠ︾᠂ ︽ᠳᠣᠲᠣᠭᠠᠳᠤ ᠶᠢᠨ | ᠰᠣᠷᠣᠬᠴᠢ ᠡᠯᠰᠡᠬᠦ ᠭᠦᠢᠴᠡᠳᠬᠡᠯ ᠲᠤᠭ᠎ᠠ︾ ᠵᠡᠷᠭᠡ ᠶᠢ ᠬᠤᠳᠠᠯᠳᠤᠬᠤ ᠵᠡᠷᠭᠡ ᠮᠡᠬᠡᠯᠡᠬᠦ ᠠᠵᠢᠯᠯᠠᠭ᠎ᠠ ᠬᠢᠵᠦ ᠪᠤᠯᠬᠤ | ᠦᠭᠡᠢ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠰᠡᠳᠦᠪ ᠢ ᠲᠣᠭᠲᠠᠭᠠᠯ ᠠᠴᠠ ᠵᠥᠷᠢᠴᠡᠨ ᠴᠤᠭᠯᠠᠭᠤᠯᠵᠤ | ᠂ ᠨᠡᠶᠢᠲᠡᠯᠡᠬᠦ ᠪᠤᠶᠤ ᠤᠯᠠᠮᠵᠢᠯᠠᠨ ᠲᠠᠷᠬᠠᠭᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃ | ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠲᠢᠩᠬᠢᠮ ᠠᠴᠠ ᠪᠣᠯᠪᠠᠰᠤᠷᠠᠯ ᠤᠨ ᠪᠠᠶᠢᠭᠤᠯᠤᠮᠵᠢ | ᠰᠢᠯᠭᠠᠯᠲᠠ ᠶᠢᠨ ᠴᠡᠭ᠂ ᠰᠤᠷᠭᠠᠭᠤᠯᠢ ᠶᠢᠨ ᠡᠷᠭᠢᠨ ᠲᠣᠭᠤᠷᠢᠨ ᠳᠤ ᠰᠣᠷᠣᠬᠴᠢ ᠡᠯᠰᠡᠬᠦ ᠤᠬᠠᠭᠤᠯᠭ᠎ᠠ ᠥᠷᠨᠢᠭᠦᠯᠵᠦ | ᠪᠤᠯᠬᠤ ᠦᠭᠡᠢ᠂ ︽ᠤᠯᠤᠰ ᠤᠨ ᠨᠢᠭᠡᠳᠦᠯᠲᠡᠢ ᠰᠢᠯᠭᠠᠯᠲᠠ ᠶᠢᠨ ᠮᠠᠩᠯᠠᠢ︾᠂ ︽ᠰᠤᠷᠭᠠᠭᠤᠯᠢ ᠳᠡᠪᠰᠢᠭᠰᠡᠨ ᠨᠣᠷᠮ᠎ᠠ︾ | ᠂ ︽ᠥᠨᠳᠥᠷ ᠬᠤᠪᠢ ᠣᠯᠣᠭᠰᠠᠨ ᠰᠢᠯᠭᠠᠭᠤᠯᠤᠭᠴᠢ︾ ᠵᠡᠷᠭᠡ ᠰᠡᠷᠭᠡᠭ ᠮᠡᠳᠡᠭᠡ ᠵᠠᠩᠭᠢ ᠶᠢ ᠤᠬᠠᠭᠤᠯᠬᠤ ᠶᠢ | ᠴᠢᠩᠭ᠎ᠠ ᠴᠠᠭᠠᠵᠠᠯᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ ᠲᠥᠷᠥ ᠶᠢᠨ | ᠪᠣᠳᠣᠯᠭ᠎ᠠ ᠶᠢ ᠵᠣᠷᠢᠭᠤᠳᠠ ᠭᠠᠵᠢᠭᠤᠳᠠᠭᠤᠯᠵᠤ ᠪᠤᠯᠬᠤ ᠦᠭᠡᠢ᠃ ᠡᠷᠡᠮᠡᠯᠵᠡᠯ ᠲᠠᠭᠯᠠᠬᠤ ᠦᠢᠯᠡᠴᠢᠯᠡᠭᠡᠨ ᠤ ᠲᠠᠯ᠎ᠠ ᠪᠠᠷ | ᠂ ᠡᠯ᠎ᠡ ᠪᠠᠶᠢᠭᠤᠯᠤᠮᠵᠢ ᠡᠷᠬᠡᠪᠰᠢ ᠵᠢᠷᠤᠮᠵᠢᠯ ᠲᠠᠢ ᠡᠵᠡᠩᠨᠡᠬᠦ ᠬᠡᠷᠡᠭᠲᠡᠢ᠂ ᠬᠡᠪᠴᠢᠶ᠎ᠡ ᠠᠴᠠ ᠬᠡᠲᠦᠷᠡᠭᠦᠯᠦᠨ | ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠵᠤ ᠪᠤᠯᠬᠤ ᠦᠭᠡᠢ᠂ ᠵᠠᠰᠠᠭ ᠤᠨ ᠣᠷᠳᠣᠨ ᠪᠤᠶᠤ ᠰᠣᠷᠣᠬᠴᠢ | ᠡᠯᠰᠡᠬᠦ ᠨᠢᠭᠡᠴᠢ ᠶᠢᠨ ᠠᠯᠪᠠᠨ ᠤ ᠰᠦᠯᠵᠢᠶ᠎ᠡ᠂ ᠤᠯᠠᠨ ᠨᠡᠶᠢᠳᠡ ᠶᠢᠨ ᠲᠠᠪᠴᠠᠩ ᠵᠡᠷᠭᠡ ᠶᠢ ᠬᠠᠭᠤᠷᠮᠠᠭᠯᠠᠨ | ᠳᠠᠭᠤᠷᠢᠶᠠᠵᠤ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ ᠭᠡᠵᠦ ᠲᠣᠳᠣᠷᠬᠠᠶᠢᠯᠠᠪᠠ | ᠃ | ᠣᠳᠣᠬᠠᠨ ᠳᠤ᠂ ᠪᠦᠭᠦ ᠣᠷᠣᠨ ᠤ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢᠭᠡᠨᠲᠡ | ᠲᠤᠰᠬᠠᠢ ᠵᠦᠢᠯ ᠤᠨ ᠪᠠᠶᠢᠴᠠᠭᠠᠯᠲᠠ ᠶᠢ ᠡᠬᠢᠯᠡᠭᠦᠯᠵᠦ᠂ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ | ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠬᠠᠮᠠᠭᠠᠯᠠᠵᠤ ᠪᠠᠶᠢᠨ᠎ᠠ | ᠃ | |