ᠠᠯᠳ᠋ᠬᠠᠣᠪᠣᠭ᠎ᠠ ᠪᠠᠯᠭᠠᠰᠤ ︽5 · 1︾ ᠤ ᠪᠠᠶᠠᠷ ᠤᠨ ᠡᠳᠦᠷ ᠤᠨ ᠳᠠᠷᠠᠭᠠᠬᠢ ᠰᠡᠳᠬᠢᠯ ᠰᠠᠨᠠᠭ᠎ᠠ ᠪᠠᠨ ᠬᠤᠷᠢᠶᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/7
    5 ᠰᠠᠷ᠎ᠠ ᠶᠢᠨ 6 ᠤ ᠡᠳᠦᠷ᠂ ᠠᠯᠳ᠋ᠬᠤᠪᠣᠭ᠎ᠠ ᠪᠠᠯᠭᠠᠰᠤ ︽5 · 1︾ ᠤ ᠪᠠᠶᠠᠷ ᠤᠨ ᠡᠳᠦᠷ ᠤᠨ  ᠲᠠᠷᠠᠭᠠᠭᠢ ᠰᠡᠳᠬᠢᠯ ᠰᠠᠨᠠᠭ᠎ᠠ ᠪᠠᠨ ᠬᠤᠷᠢᠶᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃
1.jpg
        ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠺᠠᠳ᠋ᠷ ᠠᠵᠢᠯᠲᠠᠨ ᠠᠵᠢᠯᠴᠢᠨ ᠲᠣᠰ ᠤᠳᠠᠭᠠᠨ ᠤ ᠪᠠᠶᠠᠷ ᠤᠨ ᠡᠳᠦᠷ ᠤᠨ ᠲᠠᠷᠠᠭᠠᠭᠢ ᠰᠡᠳᠬᠢᠯ ᠰᠠᠨᠠᠭ᠎ᠠ ᠪᠠᠨ ᠬᠤᠷᠢᠶᠠᠬᠤ ᠬᠤᠷᠠᠯ ᠢᠶᠠᠷ ᠳᠠᠮᠵᠢᠭᠤᠯᠤᠨ ᠠᠯᠢ ᠲᠦᠷᠭᠡᠨ ᠢᠶᠠᠷ ᠪᠠᠶᠠᠷ ᠤᠨ ᠡᠳᠦᠷ ᠤᠨ ᠠᠭᠤᠷ ᠠᠮᠢᠰᠬᠤᠯ ᠠᠴᠠ ᠭᠠᠷᠴᠤ᠂ ᠳᠠᠷᠤᠶ ᠲᠦᠷᠭᠡᠨ ᠪᠠᠶᠢᠳᠠᠯ ᠢᠶᠠᠨ ᠲᠣᠬᠢᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠲᠠᠷᠠᠭᠠᠴᠢ ᠶᠢᠨ ᠠᠵᠢᠯ ᠳᠤ ᠣᠷᠣᠯᠴᠠᠵᠤ᠂ ᠪᠥᠬᠦ ᠵᠢᠯ ᠤᠨ ᠡᠯ᠎ᠡ ᠵᠦᠢᠯ ᠤᠨ ᠡᠭᠦᠷᠭᠡ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃       ᠬᠤᠷᠠᠯ ᠠᠴᠠ᠂ ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠡᠮᠡᠭᠡᠨ ᠤ ᠠᠵᠤ ᠦᠢᠯᠡᠰ ᠤᠨ ᠦᠷᠭᠦᠯᠵᠢᠯᠡᠨ ᠬᠥᠭᠵᠢᠬᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ ᠤᠨ ᠵᠠᠯᠭᠠᠮᠵᠢ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠵᠡᠷᠭᠡ ᠭᠤᠤᠯᠳᠠᠯᠭ᠎ᠠ ᠲᠠᠢ ᠠᠵᠢᠯ ᠤᠨ ᠬᠠᠷᠠᠯᠲᠠ ᠡᠭᠦᠷᠭᠡ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠢᠯ ᠤᠨ ᠳᠤᠮᠳᠠᠬᠢ ᠭᠤᠤᠯᠳᠠᠯᠭ᠎ᠠ ᠲᠠᠢ ᠠᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠭᠦᠯᠦᠨ᠎ᠡ᠃ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠣᠳᠣᠬᠠᠨ ᠤ ᠪᠠᠶᠢᠳᠠᠯ ᠢ ᠲᠣᠳᠣᠷᠬᠠᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰ ᠪᠡᠶ᠎ᠡ ᠶᠢᠨ ᠠᠵᠢᠯ ᠤᠨ ᠪᠠᠶᠢᠷᠢ ᠶᠢᠨ ᠪᠦᠬᠦᠯᠢ ᠴᠣᠭᠴᠠ ᠶᠢᠨ ᠠᠵᠢᠯ ᠳᠠᠬᠢ ᠦᠢᠯᠡᠳᠦᠯ ᠢᠶᠠᠨ ᠲᠣᠳᠣᠷᠬᠠᠢ ᠣᠶᠢᠯᠠᠭᠠᠵᠤ ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠳᠤᠷᠢᠳᠬᠤ ᠪᠠᠭ ᠤᠨ ᠪᠦᠷᠢᠯᠳᠦᠬᠦᠨ ᠨᠡᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠲᠦᠷᠦᠭᠦᠯᠡᠨ ᠴᠢᠩᠭᠠᠳᠬᠠᠵᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠰᠤᠷᠲᠠᠯ ᠤᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠮᠠᠯᠴᠢᠨ ᠲᠠᠷᠢᠶᠠᠴᠢᠨ ᠤᠯᠠᠨ ᠲᠦᠮᠡᠨ ᠳᠤ ᠦᠢᠯᠡᠴᠢᠯᠡᠬᠦ ᠲᠠᠢ ᠤᠶᠠᠯᠳᠤᠭᠤᠯᠵᠤ᠂ ᠰᠢᠯᠢᠳᠡᠭ ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃
2.jpg
    
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠯᠳ᠋ᠬᠠᠤᠪᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号