5 ᠰᠠᠷ᠎ᠠ ᠶᠢᠨ 6 ᠤ ᠡᠳᠦᠷ᠂ ᠠᠯᠠᠱᠠ ᠪᠠᠷᠠᠭᠤᠨ ᠬᠤᠰᠢᠭᠤ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠬᠤᠷᠠᠯ ᠬᠤᠷᠠᠯᠳᠤᠪᠠ᠃ ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠣᠤ ᠶᠠᠩ ᠬᠤᠲᠠ ᠶᠢᠨ ᠴᠠᠭᠠᠨ | ᠰᠤᠪᠤᠷᠭ᠎ᠠ ᠲᠣᠭᠤᠷᠢᠭ ᠤᠨ ᠬᠤᠭᠤᠯᠠᠨ ᠭᠡᠷ ᠤᠨ ᠭᠠᠯ ᠤᠨ ᠭᠠᠮᠰᠢᠭ ᠤᠨ ᠠᠳᠡᠯ ᠪᠠ ᠭᠦᠢᠵᠧᠦ ᠶᠢᠨ ᠪᠢ ᠵᠢᠶᠧ | ᠬᠤᠲᠠ ᠶᠢᠨ ᠴᠢᠶᠠᠨ ᠰᠢ ᠬᠤᠲᠠ ᠶᠢᠨ ᠵᠢᠭᠤᠯᠴᠢᠯᠠᠯ ᠤᠨ ᠣᠩᠭᠤᠴᠠᠨ ᠭᠦᠷᠪᠡᠭᠰᠡᠨ ᠠᠳᠡᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠰᠠᠶᠢᠳ ᠯᠢ ᠴᠢᠶᠠᠩ ᠤᠨ ᠬᠢᠭᠰᠡᠨ ᠴᠢᠬᠤᠯᠠ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠠᠮᠤᠷ ᠲᠦᠪᠰᠢᠨ ᠤ ᠪᠠᠶᠢᠳᠠᠯ ᠢ ᠵᠠᠳᠠᠯᠵᠤ᠂ ᠪᠣᠳᠠᠲᠠᠶ ᠠᠷᠭ᠎ᠠ | ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ | ᠡᠷᠬᠢᠯᠡᠭᠴᠢ ᠵᠢᠶᠠᠩ ᠪᠢᠩ ᠵᠢᠶᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠢᠢᠷ᠎ᠠ ᠶᠢᠨ | ᠬᠤᠭᠤᠴᠠᠭᠠᠨ ᠤ ᠡᠯ᠎ᠡ ᠲᠦᠷᠦᠯ ᠤᠨ ᠠᠳᠡᠯ ᠤᠨ ᠢᠯᠡᠷᠡᠭᠦᠯᠦᠭᠰᠡᠨ ᠠᠰᠠᠭᠤᠳᠠᠯ ᠪᠣᠯᠤᠨ ᠥᠪᠡᠷ ᠤᠨ | ᠪᠠᠶᠢᠴᠠᠭᠠᠯᠲᠠ ᠪᠠᠷ ᠢᠯᠡᠷᠡᠭᠦᠯᠦᠭᠰᠡᠨ ᠪᠠᠭᠤᠷᠠᠢ ᠭᠤᠭᠴᠤᠭ᠎ᠠ ᠲᠠᠢ ᠤᠶᠠᠯᠳᠤᠭᠤᠯᠵᠤ᠂ ᠪᠤᠰᠤᠳ ᠬᠥᠮᠦᠨ ᠤ ᠠᠳᠡᠯ ᠢ | ᠥᠪᠡᠷ ᠤᠨ ᠠᠳᠡᠯ ᠪᠣᠯᠭᠠᠨ ᠦᠵᠡᠬᠦ ᠶᠢ ᠪᠠᠷᠢᠮᠲᠠᠯᠠᠵᠤ᠂ ᠭᠡᠮ ᠰᠣᠭᠤᠭ ᠢ ᠠᠳᠡᠯ ᠢᠶᠠᠷ ᠦᠵᠡᠵᠦ᠂ ᠴᠠᠭ ᠢᠮᠠᠭᠲᠠ | ᠲᠦᠢᠯ ᠤᠨ ᠬᠠᠷᠢᠭᠤᠴᠠᠯᠭ᠎ᠠ ᠲᠠᠢ ᠪᠠᠶᠢᠵᠤ᠂ ᠠᠮᠤᠷ ᠲᠦᠪᠰᠢᠨ ᠤ ᠪᠠᠶᠢᠳᠠᠯ ᠤᠨ ᠬᠤᠪᠢᠷᠠᠯᠲᠠ ᠶᠢ ᠣᠨᠣᠪᠴᠢᠲᠠᠢ | ᠵᠠᠳᠠᠯᠤᠨ ᠰᠤᠳᠤᠯᠵᠤ᠂ ᠭᠠᠯ ᠤᠨᠲᠠᠷᠠᠭᠠᠬᠤ᠂ ᠵᠤᠭᠠᠴᠠᠯ᠂ ᠵᠠᠮ ᠬᠠᠷᠢᠯᠴᠠᠭ᠎ᠠ᠂ ᠰᠢᠲᠠᠮᠠᠬᠠᠢ ᠬᠡᠢ᠂ ᠠᠭᠤᠷᠬᠠᠢ᠂ | ᠠᠶᠤᠯᠲᠠᠢ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠭᠤᠣᠯᠳᠠᠯᠭ᠎ᠠ ᠲᠠᠢ | ᠬᠦᠷᠢᠶ᠎ᠡ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠢᠨᠠᠨ ᠵᠢᠯᠣᠭᠤᠳᠴᠤ ᠪᠠᠶᠢᠴᠠᠭᠠᠬᠤ᠂ | ᠪᠢᠲᠡᠭᠦᠦ ᠴᠠᠭᠠᠷᠢᠭ ᠢ ᠴᠡᠭᠴᠡᠯᠡᠨ ᠰᠠᠶᠢᠵᠢᠷᠠᠭᠤᠯᠬᠤ᠂ ᠪᠣᠯᠪᠠᠰᠤᠷᠠᠯ ᠰᠣᠷᠢᠯᠲᠠ ᠬᠢᠬᠦ ᠵᠡᠷᠭᠡ ᠠᠵᠢᠯ ᠢ | ᠪᠠᠶᠢᠩᠭᠤᠵᠢᠭᠤᠯᠤᠨ ᠰᠠᠶᠢᠲᠤᠷ ᠠᠳᠬᠤᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠡᠴᠦᠰ ᠤᠨ ︽ᠨᠢᠭᠡ ᠰᠠᠨᠲ᠋ᠢᠮᠧᠲᠷ︾ ᠢ ᠦᠨᠡᠨᠬᠦ ᠨᠡᠪᠲᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ | ᠱᠤᠭᠤᠮ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ | ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠨᠡᠷ ᠬᠤᠷᠠᠯ ᠳᠤ | ᠣᠷᠣᠯᠴᠠᠪᠠ᠃ | |