ᠪᠠᠳᠠᠢ ᠶᠢᠨ ᠵᠢᠷᠠᠨ ᠪᠠᠯᠭᠠᠰᠤᠨ ᠤ ᠡᠬᠢᠨᠬᠤᠳᠳᠤᠭ ᠭᠠᠴᠠᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ  ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/6/3
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠶᠠᠨ ᠳᠤ ᠤᠰᠤᠨ ᠠᠰᠢᠭᠯᠠᠯᠳᠠ  ᠨᠢ ᠤᠷᠢᠳ ᠢᠶᠠᠷ ᠬᠡᠷᠡᠭᠵᠢᠭᠦᠯᠬᠦ ᠦᠢᠯᠡᠳᠦᠯ ᠦᠵᠡᠭᠦᠯᠵᠦ ᠪᠠᠶᠢᠨ᠎ᠠ᠃ ᠪᠠᠳᠠᠢ ᠶᠢᠨ ᠵᠢᠷᠠᠨ ᠪᠠᠯᠭᠠᠰᠤ ︽ᠨᠢᠭᠡ ᠪᠠᠯᠭᠠᠰᠣᠨ ᠵᠡᠭᠡᠯᠢ ᠭᠤᠳᠤᠮᠵᠢ ᠨᠢᠭᠡ ᠪᠣᠳᠠᠲᠤ ᠶᠠᠪᠤᠳᠠᠯ︾ ᠢᠶᠠᠷ ᠭᠠᠷᠳᠠᠬᠤ ᠴᠡᠭ ᠪᠣᠯᠭᠠᠵᠤ᠂ ︽ᠦᠵᠡᠰᠭᠦᠯᠡᠩᠲᠦ ᠰᠠᠶᠢᠬᠠᠨ ᠠᠯᠠᠱᠠ ᠪᠠᠷᠠᠭᠤᠨ ᠬᠤᠰᠢᠭᠤ︾ ᠶᠢᠨ ᠠᠵᠢᠯᠯᠠᠭ᠎ᠠ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠡᠬᠢᠨᠬᠤᠳᠳᠤᠭ ᠭᠠᠴᠠᠭᠠᠨ ᠤ ᠨᠣᠭᠤᠭᠠᠷᠠᠭᠤᠯᠤᠯᠲᠠ ᠶᠢᠨ ᠤᠰᠤᠯᠠᠯᠲᠠ ᠶᠢᠨ ᠤᠰᠤ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠬᠢᠭᠡᠳ ᠬᠠᠷᠢᠶ᠎ᠠ ᠣᠷᠣᠨ ᠤ ᠠᠵᠤ ᠠᠬᠤᠶᠢᠯᠠᠯ ᠲᠠᠢ ᠢᠳᠡᠪᠬᠢᠲᠡᠶ ᠪᠠᠷ ᠬᠠᠮᠲᠤᠷᠠᠨ ᠬᠥᠳᠡᠯᠦᠯᠴᠡᠵᠦ᠂ ᠮᠠᠰᠢᠨ ᠬᠤᠳᠳᠤᠭ ᠵᠢᠴᠢ ᠬᠤᠭᠤᠯᠠᠶ ᠭᠤᠣᠷᠰᠤ ᠶᠢᠨ ᠢᠨᠵᠧᠨᠧᠷᠢᠩ ᠭᠠᠷᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠴᠠᠭᠠᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
1.jpg
    ᠣᠶᠢᠯᠠᠭᠠᠭᠰᠠᠨ ᠢᠶᠠᠷ᠂ ᠡᠬᠢᠨᠬᠤᠳᠳᠤᠭ ᠭᠠᠴᠠᠭ᠎ᠠ ᠨᠡᠶᠢᠲᠡ 40 ᠲᠦᠮᠡᠨ ᠲᠥᠭᠦᠷᠢᠭ ᠴᠤᠭᠯᠠᠭᠤᠯᠵᠤ 1 ᠮᠠᠰᠢᠨ ᠬᠤᠳᠳᠤᠭ ᠢ ᠰᠢᠨ᠎ᠡ ᠪᠠᠷ ᠮᠠᠯᠲᠠᠵᠤ᠂ ᠤᠰᠤᠨ ᠤ ᠡᠬᠢ ᠰᠤᠷᠪᠤᠯᠵᠢ ᠶᠢᠨ ᠬᠦᠴᠢᠷ ᠠᠰᠠᠭᠤᠳᠠᠯ ᠢ  ᠰᠢᠢᠳᠪᠦᠷᠢᠯᠡᠪᠠ᠃ ᠪᠠᠳᠠᠢ ᠶᠢᠨ ᠵᠢᠷᠠᠨ ᠪᠠᠯᠭᠠᠰᠤ 10 ᠲᠦᠮᠡᠨ ᠲᠥᠭᠦᠷᠢᠭ ᠤᠨ ᠪᠡᠯᠡ ᠮᠥᠩᠭᠦ ᠶᠢ ᠵᠣᠬᠢᠴᠠᠭᠤᠯᠤᠨ ᠴᠤᠭᠯᠠᠭᠤᠯᠵᠤ᠂ ᠤᠰᠤᠨ ᠬᠥᠭᠡᠷᠭᠡ᠂ ᠤᠰᠤ ᠳᠠᠮᠵᠢᠭᠤᠯᠬᠤ ᠬᠤᠭᠤᠯᠠᠢ᠂ ᠨᠡᠭᠡᠯᠡᠬᠡᠢ ᠵᠡᠷᠭᠡ ᠲᠥᠬᠦᠭᠡᠷᠦᠮᠵᠢ ᠶᠢ ᠬᠤᠳᠠᠯᠳᠤᠨ ᠠᠪᠬᠤ ᠳᠤ ᠬᠡᠷᠡᠭᠯᠡᠭᠰᠡᠨ ᠪᠥᠭᠡᠳ 3.3  ᠺᠢᠯᠤᠮᠧᠲᠷ ᠤᠨ ᠬᠤᠭᠤᠯᠠᠶ ᠶᠢ  ᠮᠠᠯᠳᠠᠬᠤ ᠪᠠ ᠳᠡᠪᠢᠰᠬᠦ ᠶᠢ ᠪᠡᠶᠡᠯᠡᠭᠦᠯᠵᠦ᠂ ᠤᠰᠤᠨ ᠤ ᠡᠬᠢ ᠰᠤᠷᠪᠤᠯᠵᠢ  ᠶᠢᠨ  ᠭᠦᠷᠭᠡᠯᠳᠡ ᠶᠢ ᠪᠠᠲᠤᠯᠠᠪᠠ᠃
2.jpg
    ᠡᠬᠢᠨᠬᠤᠳᠳᠤᠭ ᠭᠠᠴᠠᠭᠠᠨ ᠤ ᠵᠠᠮ ᠤᠨ ᠬᠤᠶᠠᠷ ᠬᠠᠵᠠᠭᠤ ᠪᠠᠷ ᠴᠢᠴᠠᠷᠭᠠᠨ᠎ᠠ᠂ ᠤᠯᠠᠭᠠᠨ ᠪᠤᠷᠭᠠᠰᠤ ᠵᠡᠷᠭᠡ ᠭᠠᠩ ᠬᠠᠭᠰᠠᠷᠠᠭᠠᠨ ᠳᠤ ᠲᠡᠰᠪᠦᠷᠢᠲᠡᠢ ᠤᠷᠭᠤᠮᠠᠯ ᠢᠶᠠᠷ ᠪᠦᠷᠢᠯᠳᠦᠭᠰᠡᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠪᠦᠰᠡ ᠨᠢ ᠣᠷᠴᠢᠨ ᠲᠣᠭᠤᠷᠢᠨ ᠢ ᠭᠤᠶᠤᠵᠢᠭᠤᠯᠬᠤ ᠮᠥᠷᠲᠡᠭᠡᠨ ᠰᠠᠯᠬᠢ ᠶᠢ ᠬᠠᠯᠬᠠᠯᠠᠨ ᠡᠯᠡᠰᠦ ᠶᠢ  ᠲᠣᠭᠲᠠᠪᠤᠷᠢᠵᠢᠭᠤᠯᠤᠨ᠂ ᠠᠷᠠᠳ ᠤᠨ ᠣᠷᠣᠨ ᠰᠠᠭᠤᠴᠠ ᠶᠢᠨ ᠡᠷᠬᠢᠨ ᠲᠣᠭᠤᠷᠢᠨ ᠤ ᠦᠵᠡᠮᠵᠢ  ᠨᠢ ᠭᠦᠮᠦᠰ  ᠤᠨ ᠰᠡᠳᠭᠡᠯ ᠳᠤ ᠲᠦᠢᠯ ᠤᠨ ᠲᠠᠭᠠᠯᠠᠮᠵᠢᠲᠠᠢ  ᠪᠠᠶᠢᠨ᠎ᠠ᠃  ᠭᠠᠴᠠᠭᠠᠨ ᠳᠤ ᠤᠳᠠᠯ ᠦᠭᠡᠢ ᠪᠠᠶᠢᠭᠤᠯᠬᠤ ᠭᠡᠵᠦ ᠪᠠᠶᠢᠭ᠎ᠠ ᠪᠠᠷᠢᠮᠵᠢᠶᠠᠵᠢᠭᠤᠯᠤᠭᠰᠠᠨ ᠲᠡᠮᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠲᠤ ᠲᠣᠭᠲᠠᠭᠤᠨ ᠤᠰᠤ ᠬᠠᠩᠭᠠᠵᠤ᠂ ᠲᠡᠮᠡᠭᠡᠨ ᠤ ᠠᠵᠤ ᠦᠢᠯᠡᠰ ᠤᠨ ᠬᠡᠪᠴᠢᠶᠡᠵᠢᠯᠲᠡ᠂ ᠰᠢᠨᠵᠢᠯᠡᠬᠦ ᠤᠬᠠᠭᠠᠨᠴᠢᠯᠠᠭᠰᠠᠨ ᠬᠥᠭᠵᠢᠯᠲᠡ ᠶᠢ ᠲᠦᠯᠬᠢᠨ ᠠᠬᠢᠭᠤᠯᠵᠤ᠂ ᠭᠠᠴᠠᠭᠠᠨ ᠤ ᠠᠵᠤ ᠠᠬᠤᠢ ᠬᠢᠭᠡᠳ ᠮᠠᠯᠴᠢᠨ ᠲᠠᠷᠢᠶᠠᠴᠢᠨ ᠤ ᠣᠷᠣᠯᠭ᠎ᠠ ᠶᠢᠨ ᠬᠤᠤᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃    ᠪᠠᠳᠠᠢ ᠶᠢᠨ ᠵᠢᠷᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠲᠢᠶᠧ ᠵᠢᠶᠦ᠋ᠨ᠄ ᠲᠠᠷᠠᠭᠠᠴᠢ ᠶᠢᠨ ᠠᠯᠬᠤᠮ ᠳᠤ᠂ ᠪᠠᠳᠠᠢ ᠶᠢᠨ ᠵᠢᠷᠠᠨ ᠪᠠᠯᠭᠠᠰᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾᠂ ᠠᠶᠢᠮᠠᠭ ᠤᠨ ᠨᠠᠮ ᠤᠨ ᠬᠤᠷᠢᠶ᠎ᠠ ᠶᠢᠨ ︽157︾ ᠤ ᠰᠡᠳᠬᠢᠴᠡ ᠪᠣᠯᠤᠨ ᠮᠠᠨ ᠤ ᠬᠤᠰᠢᠭᠤᠨ ᠤ ︽ᠲᠠᠪᠤᠨ ᠠᠯᠠᠱᠠ ᠪᠠᠷᠠᠭᠤᠨ ᠬᠤᠰᠢᠭᠤ︾ ᠶᠢᠨ ᠠᠵᠢᠯᠯᠠᠭ᠎ᠠ ᠶᠢᠨ ᠬᠠᠷᠠᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ  ᠪᠠᠯᠭᠠᠰᠣᠨ ᠵᠡᠭᠡᠯᠢ ᠭᠤᠳᠤᠮᠵᠢ ᠨᠢᠭᠡ ᠪᠣᠳᠠᠲᠤ ᠶᠠᠪᠤᠳᠠᠯ︾ ᠢᠶᠠᠷ ᠭᠠᠷᠳᠠᠴᠠ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠲᠤ ᠠᠰᠢᠭ ᠬᠦᠷᠲᠡᠭᠡᠬᠦ ᠨᠠᠩ ᠣᠯᠠᠨ ᠢᠨᠵᠧᠨᠧᠷᠢᠩ ᠤᠨ ᠠᠮᠵᠢᠯᠲᠠ ᠪᠦᠲᠦᠮᠵᠢ ᠤᠯᠬᠤ ᠶᠢ ᠠᠬᠢᠭᠤᠯᠤᠨ᠎ᠠ᠃    
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号