︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 5 ᠰᠠᠷ᠎ᠠ ᠶᠢᠨ 30 ᠤ | ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠪᠠᠭᠠᠴᠤᠳ ᠬᠡᠦᠬᠡᠳ ᠢ ᠡᠷᠬᠢᠨ ᠦᠵᠡᠵᠦ | ᠲᠣᠬᠤᠨᠢᠭᠤᠯᠤᠭᠰᠠᠨ ᠪᠥᠭᠡᠳ ᠮᠠᠨ ᠤ ᠠᠶᠢᠮᠠᠭ ᠤᠨ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ | ᠠᠵᠢᠯ ᠢ ᠪᠠᠶᠢᠴᠠᠭᠠᠨ ᠰᠤᠳᠤᠯᠵᠦ᠂ ᠪᠦᠬᠦ ᠠᠶᠢᠮᠠᠭ ᠤᠨ ᠪᠠᠭᠠᠴᠤᠳ ᠬᠡᠦᠬᠡᠳ ᠲᠤ ᠪᠠᠶᠠᠷ ᠤᠨ ᠡᠳᠦᠷ ᠤᠨ | ᠮᠠᠨᠳᠤᠴᠢᠯᠠᠯ ᠲᠠᠪᠰᠢᠬᠦᠯᠦᠨ᠂ ᠰᠢᠯᠭᠠᠭᠤᠯᠤᠭᠴᠢᠳ ᠰᠢᠯᠢᠳᠡᠭ ᠠᠮᠵᠢᠯᠳᠠ ᠤᠯᠬᠤ ᠶᠢ ᠵᠦᠡᠭᠨᠡᠪᠡ᠃ | ᠠᠯᠠᠱᠠ ᠵᠡᠭᠦᠨ ᠬᠤᠰᠢᠭᠤᠨ ᠤ ᠲᠤᠯᠤᠳᠤᠭᠠᠷ ᠬᠡᠦᠬᠡᠳ ᠤᠨ ᠴᠡᠴᠡᠷᠯᠢᠭ ᠲᠤ᠂ ᠬᠤᠸᠠᠩ ᠶᠠ ᠯᠢ | ᠬᠡᠤᠬᠡᠳ ᠤᠳ ᠤᠨ ᠤᠷᠠᠯᠠᠭᠰᠠᠨ ᠪᠦᠲᠦᠭᠡᠯ ᠢ ᠰᠣᠨᠢᠷᠬᠠᠬᠤ ᠶᠢᠨ ᠬᠠᠮᠲᠤ᠂ ᠬᠡᠤᠬᠡᠳ ᠤᠳ ᠲᠤ ᠪᠠᠶᠠᠷ ᠤᠨ ᠡᠳᠦᠷ ᠤᠨ | ᠪᠡᠯᠡᠭ ᠬᠦᠷᠭᠡᠵᠡᠢ᠃ ᠬᠤᠸᠠᠩ ᠶᠠ ᠯᠢ ᠬᠡᠤᠬᠡᠳ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠪᠴᠠᠰᠤ | ᠵᠠᠰᠠᠯ ᠤᠨ ᠦᠵᠡᠭᠦᠯᠭᠡ ᠶᠢ ᠰᠤᠨᠢᠷᠬᠠᠭᠠᠳ ᠠᠯᠠᠭ᠎ᠠ ᠲᠠᠰᠢᠨ ᠮᠠᠭᠲᠠᠬᠤ ᠶᠢᠨ ᠬᠠᠮᠲᠤ᠂ ᠬᠡᠦᠬᠡᠳ ᠤᠳ ᠢ | ᠵᠣᠷᠢᠭᠲᠠᠢ ᠪᠠᠷ ᠥᠪᠡᠷ ᠢ ᠪᠠᠨ ᠳᠡᠯᠭᠡᠨ ᠦᠵᠡᠭᠦᠯᠬᠦ ᠶᠢ ᠵᠣᠷᠢᠭᠵᠢᠭᠤᠯᠵᠤ᠂ ᠲᠡᠳᠡᠨ ᠤ ᠡᠷᠡᠭᠦᠯ ᠴᠢᠭᠢᠷᠠᠭ ᠪᠠᠶᠠᠷ | ᠬᠥᠷ ᠲᠠᠢ᠂ ᠢᠳᠡᠷᠡᠭᠦᠨ ᠢᠶᠠᠷ ᠦᠰᠦᠨ ᠪᠤᠶᠢᠵᠢᠬᠤ ᠶᠢ ᠵᠦᠡᠭᠨᠡᠵᠠᠢ᠃ | ᠠᠯᠠᠱᠠ ᠵᠡᠭᠦᠨ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ ᠶᠢᠨ ︽ᠬᠠᠭᠤᠴᠢᠨ ᠡᠳ᠋ ᠪᠠᠷᠠᠭᠠᠨ ᠤ ᠵᠠᠬ᠎ᠠ | ᠳᠡᠯᠭᠡᠭᠦᠷ︾ ᠬᠦᠷ ᠬᠥᠭᠵᠢᠶᠡᠨ ᠢᠶᠠᠷ ᠪᠢᠯᠬᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ | ᠲᠥᠯᠥᠭᠡᠯᠡᠭᠴᠢ ᠬᠤᠸᠠᠩ ᠶᠠ ᠯᠢ ᠳᠤ ᠤᠯᠠᠭᠠᠨ ᠪᠦᠴᠡ ᠵᠡᠭᠦᠯᠭᠡᠪᠡ᠃ ᠬᠤᠸᠠᠩ ᠶᠠ ᠯᠢ ᠣᠯᠠᠨ ᠤ ︽ᠲᠠᠸᠠᠷ ᠤᠨ | ᠪᠣᠷᠤᠯᠠᠭᠤᠯᠭ᠎ᠠ︾ ᠶᠢᠨ ᠲᠠᠨᠢᠯᠴᠠᠭᠤᠯᠭ᠎ᠠ ᠶᠢ ᠰᠣᠨᠣᠰᠴᠤ᠂ ᠰᠤᠷᠤᠭᠴᠢᠳ ᠲᠠᠢ ᠬᠠᠮᠲᠤ ᠪᠠᠷ ︽ᠵᠠᠬ᠎ᠠ ᠳᠡᠯᠭᠡᠭᠦᠷ︾ | ᠢᠶᠠᠷ ᠲᠣᠭᠤᠷᠢᠨ᠂ ᠰᠤᠷᠭᠠᠭᠤᠯᠢ ᠶᠢᠨ ᠬᠦᠷᠢᠶᠡᠨ ᠤ ᠠᠮᠢᠵᠢᠷᠠᠯ ᠤᠨ ᠬᠦᠴᠦᠨ ᠢ ᠤᠶᠢᠯᠠᠭᠠᠵᠦ᠂ ᠲᠡᠳᠡᠨ ᠢ ᠰᠠᠶᠢᠲᠤᠷ | ᠰᠤᠷᠤᠯᠴᠠᠨ᠂ ᠪᠡᠶ᠎ᠡ ᠪᠠᠨ ᠢᠲᠡᠭᠡᠨ᠂ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢ ᠵᠤᠷᠢᠠᠠᠵᠢᠭᠤᠯᠬᠤ ᠶᠢᠨ ᠬᠠᠮᠲᠦ᠂ | ᠪᠠᠭᠰᠢ ᠨᠠᠷ ᠢ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ | ᠬᠡᠦᠬᠡᠳ ᠢ ᠬᠠᠷᠠᠬᠠᠨ ᠪᠠᠭ᠎ᠠ ᠠᠴᠠ ᠨᠢ ᠰᠢᠯᠢᠳᠡᠭ ᠦᠵᠡᠯ ᠰᠠᠨᠠᠭ᠎ᠠ᠂ ᠰᠢᠯᠢᠳᠡᠭ ᠶᠤᠰᠤ ᠮᠣᠷᠠᠯ᠂ ᠰᠢᠯᠢᠳᠡᠭ ᠵᠠᠩ | ᠳᠠᠳᠬᠠᠯ ᠲᠠᠢ ᠪᠣᠯᠭᠠᠵᠤ᠂ ᠤᠯᠤᠰ ᠤᠷᠤᠨ ᠤ ᠢᠷᠡᠬᠡᠳᠦᠢ ᠶᠢᠨ ᠴᠡᠴᠡᠬᠡᠰ ᠢ ᠰᠠᠶᠢᠲᠤᠷ ᠬᠠᠶᠢᠷᠠᠯᠠᠨ ᠬᠠᠮᠠᠭᠠᠯᠠᠵᠤ | ᠬᠥᠮᠥᠵᠢᠭᠦᠯᠤᠨ᠂ ᠴᠡᠴᠡᠬᠡᠰ ᠪᠣᠯᠭᠠᠨ ᠢ ᠭᠡᠷᠡᠯ ᠭᠢᠯᠪᠠᠭ᠎ᠠ ᠪᠠᠨ ᠰᠠᠴᠤᠷᠠᠭᠤᠯᠤᠨ ᠳᠡᠯᠭᠡᠷᠡᠭᠦᠯᠬᠦ ᠶᠢ ᠬᠥᠮᠥᠵᠢᠭᠦᠯᠦᠬᠡᠷᠡᠢ | ᠬᠡᠵᠦ ᠵᠤᠷᠢᠠᠠᠵᠢᠭᠤᠯᠪᠠ᠃ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠶᠢᠨ ᠳᠤᠮᠳᠠᠳᠤ | ᠰᠤᠷᠭᠠᠭᠤᠯᠢ ᠳᠤ ᠬᠤᠸᠠᠩ ᠶᠠ ᠯᠢ ᠰᠢᠯᠭᠠᠯᠲᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ ᠰᠢᠯᠭᠠᠯᠲᠠ ᠶᠢ ᠬᠦᠯᠢᠶᠡᠬᠦ | ᠬᠠᠮᠢᠶᠠᠷᠤᠯᠲᠠ᠂ ᠦᠢᠯᠡᠴᠢᠯᠡᠭᠡ ᠪᠠᠲᠤᠯᠠᠭ᠎ᠠ᠂ ᠰᠢᠪᠲᠤᠯᠤᠯᠲᠠ ᠬᠢᠵᠦ ᠰᠢᠯᠭᠠᠯᠲᠠ ᠳᠤ ᠪᠡᠯᠡᠳᠬᠡᠬᠦ ᠵᠡᠷᠭᠡ ᠪᠠᠶᠢᠳᠠᠯ ᠢ | ᠨᠠᠷᠢᠨ ᠣᠶᠢᠯᠠᠭᠠᠪᠠ᠃ ᠲᠡᠷᠡ᠂ ᠪᠦᠬᠦ ᠤᠯᠤᠰ ᠤᠨ ᠨᠢᠬᠡᠳᠦᠯᠳᠡᠢ ᠰᠢᠯᠭᠠᠯᠲᠠ ᠨᠢ ᠰᠤᠷᠤᠭᠴᠢᠳ ᠤᠨ ᠢᠷᠡᠭᠡᠳᠦᠢ ᠪᠠ | ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ ᠪᠣᠯᠬᠤᠷ ᠰᠢᠯᠭᠠᠯᠲᠠ ᠠᠴᠠ ᠡᠮᠦᠨᠡᠬᠢ ᠬᠠᠪᠰᠤᠷᠤᠨ ᠵᠢᠯᠤᠭᠤᠳᠬᠤ᠂ | ᠪᠣᠯᠪᠠᠰᠤᠷᠠᠯ ᠰᠣᠷᠢᠯᠲᠠ ᠶᠢ ᠨᠠᠷᠢᠨ ᠨᠢᠮᠪᠠᠢ ᠥᠷᠨᠢᠭᠦᠯᠵᠦ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠴᠠᠬᠢᠯᠭᠠᠨ | ᠬᠦᠴᠦᠨ ᠤ ᠬᠠᠩᠭᠠᠯᠭ᠎ᠠ᠂ ᠱᠤᠤᠬᠢᠶᠠᠨ ᠢ ᠵᠠᠰᠠᠬᠤ᠂ ᠦᠨᠳᠦᠷ ᠬᠠᠯᠠᠭᠤᠨ ᠢ ᠰᠡᠷᠭᠡᠶᠢᠯᠡᠬᠦ᠂ ᠡᠮᠨᠡᠯᠭᠡ ᠶᠢᠨ ᠠᠪᠤᠷᠠᠯᠳᠠ | ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠠᠮᠤᠷ ᠲᠦᠪᠰᠢᠨ ᠲᠠᠭᠠᠯᠠᠮᠵᠢᠲᠠᠢ | ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠨ᠂ ᠰᠢᠯᠭᠠᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ᠂ | ᠤᠷᠤᠭᠰᠢᠲᠠᠢ ᠪᠥᠭᠡᠳ ᠲᠡᠭᠦᠰ ᠠᠮᠵᠢᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ ᠬᠤᠸᠠᠩ ᠶᠠ ᠯᠢ ᠪᠠᠰᠠ | ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠲᠤ ᠬᠦᠷᠴᠦ᠂ 3D ᠳᠠᠷᠤᠮᠠᠯᠯᠠᠯ᠂ ᠵᠢᠯᠣᠭᠤᠴᠢ ᠦᠭᠡᠢ ᠨᠢᠰᠬᠡᠯ᠂ | ᠵᠣᠬᠢᠶᠠᠮᠠᠯ ᠣᠶᠤᠨᠴᠢ ᠴᠢᠳᠠᠪᠤᠷᠢ ᠵᠡᠷᠭᠡ ᠵᠢᠭᠠᠨ ᠰᠤᠷᠭᠠᠯᠲᠠ ᠶᠢᠨ ᠬᠡᠷᠡᠭᠯᠡᠭᠡ ᠶᠢ ᠣᠶᠢᠯᠠᠭᠠᠬᠤ ᠶᠢᠨ ᠬᠠᠮᠲᠦ᠂ | ᠲᠡᠷᠢᠭᠦᠨ ᠤ ᠮᠡᠷᠭᠡᠵᠢᠯ ᠢ ᠰᠠᠶᠢᠲᠤᠷ ᠬᠡᠷᠡᠭᠯᠡᠵᠦ᠂ ᠵᠢᠭᠠᠨ ᠰᠤᠷᠭᠠᠯᠲᠠ ᠶᠢᠨ ᠵᠠᠭᠪᠤᠷ ᠢ ᠪᠠᠶᠠᠯᠢᠭᠵᠢᠭᠤᠯᠤᠨ᠂ | ᠬᠢᠴᠢᠶᠡᠯ ᠤᠨ ᠲᠠᠩᠬᠢᠮ ᠤᠨ ᠪᠣᠳᠠᠲᠤ ᠪᠣᠯᠪᠠᠰᠤᠷᠠᠯ ᠤᠨ ᠴᠢᠨᠠᠷ ᠢ ᠴᠢᠩᠭᠠᠳᠬᠠᠵᠤ᠂ ᠰᠤᠷᠤᠭᠴᠢᠳ ᠤᠨ ᠬᠠᠷᠠᠭ᠎ᠠ ᠶᠢ | ᠨᠡᠭᠡᠭᠡᠭᠳᠡᠭᠦᠯᠤᠨ᠂ ᠰᠡᠳᠬᠢᠬᠦᠢ ᠶᠢ ᠥᠷᠭᠡᠳᠬᠡᠵᠦ᠂ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ᠠᠶᠢᠮᠠᠭ ᠤᠨ ᠤᠳᠤᠷᠢᠳᠤᠯᠭ᠎ᠠ ᠯᠢᠦ ᠳ᠋ᠧ ᠼᠦᠢ ᠪᠠᠷ᠎ᠠ ᠪᠤᠯᠵᠦ ᠪᠠᠶᠢᠴᠠᠭᠠᠨ ᠰᠤᠳᠤᠯᠵᠠᠢ᠃ |